2024 ᠣᠨ ᠤ 35 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠵᠢᠴᠢ 12 ᠳ᠋ᠤᠭᠠᠷ ᠬᠤᠭᠤᠴᠠᠭᠠᠨ ᠤ ᠥᠪᠥᠷ ᠮᠣᠩᠭᠤᠯ ︵ᠥᠪᠥᠷ ᠮᠣᠩᠭᠤᠯ ᠤᠨ ᠵᠡᠭᠦᠨ ᠬᠡᠰᠡᠭ︶ ᠤᠨ ᠲᠠᠷᠢᠶᠠᠯᠠᠩ ᠤᠨ ᠮᠧᠬᠠᠨᠢᠭ ᠤᠨ ᠦᠵᠡᠰᠬᠦᠯᠡᠩ ᠥᠨᠳᠥᠷᠯᠡᠪᠡ
ᠨᠡᠶᠢᠲᠡᠯᠡᠭᠰᠡᠨ ᠴᠠᠭ᠄
2024/8/9
   8 ᠰᠠᠷ᠎ᠠ ᠶᠢᠨ 4 ᠤ ᠡᠳᠦᠷ᠂ 2024 ᠣᠨ ᠤ 35 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠵᠢᠴᠢ 12 ᠳ᠋ᠤᠭᠠᠷ ᠬᠤᠭᠤᠴᠠᠭᠠᠨ ᠤ ᠥᠪᠥᠷ ᠮᠣᠩᠭᠤᠯ ︵ᠥᠪᠥᠷ ᠮᠣᠩᠭᠤᠯ ᠤᠨ ᠵᠡᠭᠦᠨ ᠬᠡᠰᠡᠭ︶ ᠤᠨ ᠲᠠᠷᠢᠶᠠᠯᠠᠩ ᠤᠨ ᠮᠧᠬᠠᠨᠢᠭ ᠤᠨ ᠦᠵᠡᠰᠬᠦᠯᠡᠩ ᠤᠨ ᠴᠤᠭᠯᠠᠭᠠᠨ ᠤᠯᠠᠭᠠᠨᠬᠠᠳᠠ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠥᠨᠳᠥᠷᠯᠡᠪᠡ᠃    ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠨᠢ ᠭᠤᠷᠪᠠᠨ ᠡᠳᠦᠷ ᠶᠠᠪᠤᠭᠳᠠᠵᠤ᠂ ᠦᠵᠡᠭᠴᠢᠳ 4 ᠲᠦᠮᠡᠨ ᠬᠥᠮᠦᠨ ᠤᠳᠠᠭ᠎ᠠ ᠳᠤ ᠬᠦᠷᠴᠦ᠂ ᠰᠠᠨᠠᠮᠵᠢ ᠶᠢᠨ ᠠᠷᠠᠯᠵᠢᠶ᠎ᠠ ᠪᠦᠲᠦᠭᠰᠡᠨ ᠲᠤᠭ᠎ᠠ 21.5 ᠳ᠋ᠦᠩᠰᠢᠭᠤᠷ ᠲᠥᠭᠦᠷᠢᠭ ᠢ ᠳᠠᠪᠠᠵᠤ᠂ ᠲᠤᠬᠠᠶ ᠶᠢᠨ ᠲᠠᠯᠠᠪᠤᠷ ᠤᠨ ᠠᠷᠠᠯᠵᠢᠶ᠎ᠠ ᠪᠦᠲᠦᠭᠰᠡᠨ ᠲᠤᠭ᠎ᠠ 6.76 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠶ ᠶᠢᠨ ᠲᠠᠯᠠᠪᠠᠶ ᠳᠤ 798 ᠲᠥᠷᠥᠯ ᠵᠦᠢᠯ ᠤᠨ ᠭᠡᠷ᠎ᠡ ᠲᠣᠭᠲᠠᠪᠠ᠂ ᠡᠭᠦᠨ ᠳᠤ ᠤᠯᠠᠭᠠᠨᠬᠠᠳᠠ ᠬᠤᠲᠠ ᠵᠢᠴᠢ ᠡᠷᠬᠢᠨ ᠲᠣᠭᠤᠷᠢᠨ ᠤ ᠮᠤᠵᠢ ᠬᠤᠲᠠ ᠶᠢᠨ ᠲᠤᠰᠬᠠᠶ ᠬᠤᠷᠰᠢᠶᠠᠵᠢᠯ 500 ᠭᠠᠷᠤᠶ ᠪᠠᠶᠢᠵᠤ᠂ ᠲᠤᠬᠠᠶ ᠶᠢᠨ ᠲᠠᠯᠠᠪᠠᠶ ᠳᠤ ᠬᠤᠳᠠᠯᠳᠤᠨ ᠠᠪᠤᠭᠰᠠᠨ ᠠᠷᠠᠯᠵᠢᠶᠠᠨ ᠤ ᠲᠤᠭ᠎ᠠ 9000 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ ᠦᠵᠡᠰᠬᠦᠯᠡᠩ ᠤᠨ ᠲᠤᠬᠠᠶ ᠶᠢᠨ ᠲᠠᠯᠠᠪᠠᠢ ᠳᠤ ᠲᠣᠭᠠᠴᠢᠯᠠᠭᠰᠠᠨ ᠬᠢᠨᠠᠨ ᠬᠠᠮᠢᠶᠠᠷᠬᠤ ᠲᠠᠪᠴᠠᠩ᠂ ᠤᠷᠭᠤᠮᠠᠯ ᠤᠨ ᠤᠷᠭᠤᠯᠲᠠ ᠶᠢᠨ ᠳ᠋ᠧᠩ᠂ ᠨᠡᠷᠡᠨ ᠤ ᠡᠨᠧᠷᠭᠢ ᠶᠢᠨ ᠭᠡᠷᠡᠯ ᠴᠠᠬᠢᠯᠭᠠᠨ ᠤ ᠠᠪᠤᠴᠠᠯᠳᠤᠯ ᠳᠤᠯᠠᠭᠠᠯᠠᠭ᠎ᠠ ᠶᠢᠨ ᠲᠥᠬᠦᠭᠡᠷᠦᠮᠵᠢ᠂ ᠣᠶᠤᠨᠴᠢ ᠲᠠᠷᠢᠶᠠᠯᠠᠩ ᠤᠨ ᠮᠡᠳᠡᠭᠡ ᠵᠠᠩᠭᠢᠵᠢᠯᠲᠠ ᠶᠢᠨ ᠲᠠᠪᠴᠠᠩ ᠂ ᠵᠢᠯᠣᠭᠤᠴᠢ ᠥᠬᠡᠶ ᠲᠷᠠᠺᠲ᠋ᠣᠷ᠂ ᠯᠠᠶᠢᠰᠧᠷ ᠬᠥᠮᠦᠨ ᠥᠬᠡᠶ ᠡᠪᠡᠰᠦ ᠠᠷᠢᠯᠭᠠᠬᠤ ᠮᠠᠰᠢᠨ ᠬᠥᠮᠦᠨ᠂ ᠬᠤᠵᠢᠷᠯᠢᠭ ᠭᠠᠵᠠᠷ ᠢ ᠥᠨᠳᠥᠷ ᠪᠦᠲᠦᠮᠵᠢᠲᠡᠶ ᠰᠠᠶᠢᠵᠢᠷᠠᠭᠤᠯᠬᠤ ᠡᠮ᠂ ᠲᠠᠷᠢᠶᠠᠯᠠᠩ ᠣᠶ ᠰᠢᠭᠤᠶ ᠶᠢᠨ ᠤᠰᠤ ᠬᠠᠮᠠᠭᠠᠯᠠᠬᠤ ᠡᠳ᠋᠂ ᠬᠦᠮᠦᠨ ᠦᠭᠡᠢ ᠤᠷᠭᠤᠮᠠᠯ ᠤᠨ ᠬᠠᠮᠠᠭᠠᠯᠠᠯ ᠤᠨ ᠠᠭᠠᠷ ᠤᠨ ᠨᠢᠰᠦᠭᠦᠷ ᠵᠡᠷᠭᠡ ᠮᠡᠷᠭᠡᠵᠢᠯ ᠪᠠ ᠲᠥᠬᠦᠭᠡᠷᠦᠮᠵᠢ  ᠨᠢ ᠣᠶᠢᠷ᠎ᠠ ᠶᠢᠨ ᠵᠢᠯ ᠤᠨ ᠲᠤᠷᠰᠢᠬᠢ ᠲᠠᠷᠢᠶᠠᠯᠠᠩ ᠤᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠠᠷᠢᠶᠠᠯᠠᠩ ᠤᠨ AI+ ᠲᠣᠮᠣ ᠳ᠋ᠠᠶᠢᠲ᠋ᠠ᠂ ᠣᠶᠤᠨᠴᠢ ᠲᠣᠨᠤᠭ ᠲᠥᠬᠦᠭᠡᠷᠦᠮᠵᠢ᠂ ᠣᠶᠤᠨᠴᠢ ᠤᠰᠤᠯᠠᠯᠲᠠ ᠵᠡᠷᠭᠡ ᠣᠶᠤᠨᠴᠢ ᠲᠠᠷᠢᠶᠠᠯᠠᠩ ᠤᠨ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠵᠠᠭᠪᠤᠷ ᠢ ᠲᠥᠪᠯᠡᠷᠡᠭᠦᠯᠦᠨ ᠳᠡᠯᠭᠡᠨ ᠦᠵᠡᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号