ᠰᠦᠩᠱᠠᠨ ᠲᠣᠭᠤᠷᠢᠭ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/11
    9 ᠰᠠᠷ᠎ᠠ ᠶᠢᠨ 10 ᠤ ᠡᠳᠦᠷ᠂ ᠰᠦᠩᠱᠠᠨ ᠲᠣᠭᠤᠷᠢᠭ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠲᠣᠭᠤᠷᠢᠭ ᠤᠨ ᠳᠡᠳ᠋ ᠳᠠᠷᠤᠭ᠎ᠠ ᠰᠢᠤᠢ ᠹᠸᠢ ᠶᠠᠨ ᠬᠤᠷᠠᠯ ᠳᠡᠭᠡᠷ᠎ᠡ ᠱᠠᠭᠠᠷᠳᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠬᠤ ᠬᠡᠷᠡᠭᠲᠡᠶ︔ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠲᠦᠷᠦᠯ ᠬᠤᠪᠢᠶᠠᠨ ᠰᠠᠶᠢᠲᠤᠷ ᠬᠢᠵᠦ᠂ ᠤᠨᠢᠨ ᠳᠡᠭᠡᠷ᠎ᠡ ᠨᠢ ᠡᠵᠡᠮᠰᠢᠵᠦ᠂ ︽ᠣᠷᠣᠯᠴᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ︾᠂ ︽ᠲᠠᠩᠰᠠ ᠲᠠᠶᠢᠯᠬᠤ ᠶᠣᠰᠣᠲᠠᠢ ᠶᠢ ᠨᠢ ᠪᠦᠬᠦᠨ ᠢ ᠲᠠᠶᠢᠯᠬᠤ︾ ᠶᠢ ᠦᠨᠡᠨ ᠬᠦ ᠪᠠᠲᠤᠯᠠᠬᠤ ᠬᠡᠷᠡᠭᠲᠡᠢ︔ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠤᠬᠠᠢ ᠶᠢᠨ ᠭᠠᠵᠠᠷ ᠲᠤᠨᠢ ᠵᠢᠯᠣᠭᠤᠳᠬᠤ ᠶᠢ ᠰᠠᠶᠢᠲᠤᠷ ᠬᠢᠵᠦ᠂ ᠡᠯ᠎ᠡ ᠲᠥᠷᠥᠯ ᠤᠨ ᠵᠠᠭᠤᠴᠢᠯᠠᠭᠤᠷ ᠢ ᠬᠡᠷᠡᠭᠯᠡᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠬᠦ ᠬᠡᠷᠡᠭᠲᠡᠢ︔ ᠣᠨᠴᠠᠭᠠᠶ ᠬᠠᠮᠲᠤᠯᠢᠭ ᠲᠤ ᠴᠢᠭᠯᠡᠭᠦᠯᠦᠨ᠂ ᠬᠡᠷ ᠲᠤᠨᠢ ᠬᠦᠷᠴᠦ ᠤᠬᠠᠭᠤᠯᠬᠤ ᠦᠢᠯᠡᠴᠢᠯᠡᠭᠡ ᠬᠠᠩᠭᠠᠬᠤ ᠪᠤᠶᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠵᠦ᠂ ᠦᠢᠯᠡᠴᠢᠯᠡᠭᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    ᠣᠶᠢᠯᠠᠭᠠᠭᠰᠠᠨ ᠢᠶᠠᠷ᠂ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ 9 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠭᠦᠯᠪᠡ᠃ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢᠭᠡᠨᠲᠡ ᠤᠯᠠᠭᠠᠨᠬᠠᠳᠠ ᠶᠢᠨ ᠰᠦᠩᠱᠠᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠤᠯᠠᠭᠠᠨᠬᠠᠳᠠ ᠶᠢᠨ ᠠᠷᠠᠳ ᠤᠨ ᠲᠣᠮᠣ ᠡᠮ ᠤᠨ ᠳᠡᠯᠭᠡᠭᠦᠷ ᠲᠠᠢ ᠬᠠᠮᠲᠤᠷᠠᠨ ︽ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ︾ ᠶᠢᠨ ᠬᠠᠪᠰᠤᠷᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠥᠷᠨᠢᠭᠦᠯᠵᠦ᠂ ᠪᠥᠬᠦ ᠲᠣᠭᠤᠷᠢᠭ ᠤᠨ 51 ᠰᠦᠯᠵᠢᠶᠡᠨ ᠴᠡᠭ ᠴᠥᠮ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠣᠷᠣᠯᠠᠨ ᠬᠤᠷᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号