9 ᠰᠠᠷ᠎ᠠ ᠶᠢᠨ 10 ᠤ ᠡᠳᠦᠷ᠂ ᠰᠦᠩᠱᠠᠨ ᠲᠣᠭᠤᠷᠢᠭ 2025 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ | ᠬᠤᠷᠠᠯ ᠬᠤᠷᠠᠯᠳᠤᠭᠤᠯᠵᠤ᠂ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ | ᠣᠷᠣᠯᠴᠠᠭᠰᠠᠨ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ 2025 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠲᠣᠭᠤᠷᠢᠭ ᠤᠨ ᠳᠡᠳ᠋ ᠳᠠᠷᠤᠭ᠎ᠠ ᠰᠢᠤᠢ ᠹᠸᠢ ᠶᠠᠨ ᠬᠤᠷᠠᠯ ᠳᠡᠭᠡᠷ᠎ᠡ ᠱᠠᠭᠠᠷᠳᠠᠭᠰᠠᠨ ᠨᠢ᠂ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠱᠠᠭᠠᠷᠳᠠᠯᠭ᠎ᠠ ᠶᠢ | ᠦᠨᠳᠦᠰᠦᠯᠡᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠬᠵᠢᠭᠤᠯᠬᠤ ᠬᠡᠷᠡᠭᠲᠡᠶ︔ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ | ᠲᠦᠷᠦᠯ ᠬᠤᠪᠢᠶᠠᠨ ᠰᠠᠶᠢᠲᠤᠷ ᠬᠢᠵᠦ᠂ ᠤᠨᠢᠨ ᠳᠡᠭᠡᠷ᠎ᠡ ᠨᠢ ᠡᠵᠡᠮᠰᠢᠵᠦ᠂ ︽ᠣᠷᠣᠯᠴᠠᠬᠤ ᠶᠣᠰᠣᠲᠠᠢ ᠶᠢ ᠨᠢ | ᠪᠦᠬᠦᠨ ᠢ ᠪᠠᠲᠤᠯᠠᠬᠤ︾᠂ ︽ᠲᠠᠩᠰᠠ ᠲᠠᠶᠢᠯᠬᠤ ᠶᠣᠰᠣᠲᠠᠢ ᠶᠢ ᠨᠢ ᠪᠦᠬᠦᠨ ᠢ ᠲᠠᠶᠢᠯᠬᠤ︾ ᠶᠢ ᠦᠨᠡᠨ ᠬᠦ | ᠪᠠᠲᠤᠯᠠᠬᠤ ᠬᠡᠷᠡᠭᠲᠡᠢ︔ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠤᠬᠠᠢ ᠶᠢᠨ | ᠭᠠᠵᠠᠷ ᠲᠤᠨᠢ ᠵᠢᠯᠣᠭᠤᠳᠬᠤ ᠶᠢ ᠰᠠᠶᠢᠲᠤᠷ ᠬᠢᠵᠦ᠂ ᠡᠯ᠎ᠡ ᠲᠥᠷᠥᠯ ᠤᠨ ᠵᠠᠭᠤᠴᠢᠯᠠᠭᠤᠷ ᠢ ᠬᠡᠷᠡᠭᠯᠡᠨ ᠬᠠᠮᠤᠭ ᠤᠨ | ᠰᠢᠨ᠎ᠡ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠬᠦ ᠬᠡᠷᠡᠭᠲᠡᠢ︔ ᠣᠨᠴᠠᠭᠠᠶ ᠬᠠᠮᠲᠤᠯᠢᠭ ᠲᠤ ᠴᠢᠭᠯᠡᠭᠦᠯᠦᠨ᠂ | ᠬᠡᠷ ᠲᠤᠨᠢ ᠬᠦᠷᠴᠦ ᠤᠬᠠᠭᠤᠯᠬᠤ ᠦᠢᠯᠡᠴᠢᠯᠡᠭᠡ ᠬᠠᠩᠭᠠᠬᠤ ᠪᠤᠶᠤ ᠬᠠᠪᠰᠤᠷᠤᠨ ᠭᠦᠢᠴᠡᠳᠬᠡᠵᠦ ᠣᠷᠣᠯᠠᠨ | ᠭᠦᠢᠴᠡᠳᠬᠡᠵᠦ᠂ ᠦᠢᠯᠡᠴᠢᠯᠡᠭᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠣᠶᠢᠯᠠᠭᠠᠭᠰᠠᠨ ᠢᠶᠠᠷ᠂ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ 9 ᠰᠠᠷ᠎ᠠ ᠶᠢᠨ 1 ᠤ ᠡᠳᠦᠷ ᠠᠴᠠ | ᠵᠢᠩᠬᠢᠨᠢ ᠪᠠᠷ ᠡᠬᠢᠯᠡᠭᠦᠯᠪᠡ᠃ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢᠭᠡᠨᠲᠡ | ᠤᠯᠠᠭᠠᠨᠬᠠᠳᠠ ᠶᠢᠨ ᠰᠦᠩᠱᠠᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠤᠯᠠᠭᠠᠨᠬᠠᠳᠠ ᠶᠢᠨ | ᠠᠷᠠᠳ ᠤᠨ ᠲᠣᠮᠣ ᠡᠮ ᠤᠨ ᠳᠡᠯᠭᠡᠭᠦᠷ ᠲᠠᠢ ᠬᠠᠮᠲᠤᠷᠠᠨ ︽ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ | ᠥᠷᠲᠡᠭᠡ︾ ᠶᠢᠨ ᠬᠠᠪᠰᠤᠷᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠥᠷᠨᠢᠭᠦᠯᠵᠦ᠂ ᠪᠥᠬᠦ | ᠲᠣᠭᠤᠷᠢᠭ ᠤᠨ 51 ᠰᠦᠯᠵᠢᠶᠡᠨ ᠴᠡᠭ ᠴᠥᠮ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠢ | ᠣᠷᠣᠯᠠᠨ ᠬᠤᠷᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ |