ᠣᠶᠢᠷ᠎ᠠ ᠳᠤ᠂ ᠰᠦᠩᠱᠠᠨ ᠲᠣᠭᠤᠷᠢᠭ ᠤᠨ ᠲᠥᠯᠥᠭᠡᠯᠡᠭᠴᠢᠳ ᠤᠨ ᠠᠩᠭᠢ ᠤᠯᠠᠭᠠᠨᠬᠠᠳᠠ ᠶᠢᠨ ᠠᠩᠬᠠᠳᠤᠭᠠᠷ | ᠬᠤᠭᠤᠴᠠᠭᠠᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠲᠧᠯᠸᠢᠰ ᠤᠨ ᠤᠷᠤᠯᠳᠤᠭᠠᠨ ᠤ | ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠨᠢ ︽ᠤᠯᠤᠰ ᠢᠶᠠᠨ ᠬᠦᠴᠦᠷᠬᠡᠭᠵᠢᠭᠦᠯᠦᠨ ᠰᠡᠷᠭᠦᠨ | ᠮᠠᠨᠳᠤᠭᠤᠯᠬᠤ ᠳᠤ ᠪᠢ ᠪᠠᠶᠢᠨ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠠᠷᠠᠳ ᠲᠦᠮᠡᠨ ᠳᠤ ᠦᠢᠯᠡᠴᠢᠯᠡᠶ᠎ᠡ︾ | ᠭᠡᠬᠦ ᠪᠠᠷ ᠭᠤᠤᠯ ᠰᠡᠳᠦᠪ ᠪᠣᠯᠭᠠᠵᠤ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ 12 ᠠᠩᠭᠢ | ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠳᠤ ᠣᠷᠣᠯᠴᠠᠭᠰᠠᠳ ᠨᠠᠰᠤᠲᠠᠶᠢᠴᠤᠳ᠂ ᠮᠠᠯᠴᠢᠨ ᠲᠠᠷᠢᠶᠠᠴᠢᠨ᠂ | ᠠᠵᠤ ᠦᠢᠯᠡᠰ ᠤᠨ ᠠᠵᠢᠯᠴᠢᠨ ᠪᠠ ᠠᠯᠪᠠᠲᠠᠨ ᠢ ᠬᠠᠮᠤᠷᠴᠤ᠂ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ | ᠤᠷᠤᠯᠳᠤᠭᠠᠨ ᠤ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠰᠦᠩᠱᠠᠨ ᠲᠣᠭᠤᠷᠢᠭ ᠤᠨ | ᠲᠥᠯᠥᠭᠡᠯᠡᠭᠴᠢᠳ ᠤᠨ ᠠᠩᠭᠢ ᠶᠡᠷᠦᠩᠬᠡᠶ ᠬᠤᠪᠢ ᠪᠠᠷ ᠨᠢᠭᠡᠳᠦᠭᠡᠷ ᠳᠡᠰ ᠤᠨ ᠱᠠᠩᠨᠠᠯ ᠭᠥᠷᠳᠡᠪᠡ᠃ | ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠨᠢ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠴᠢᠨᠠᠷ ᠰᠠᠶᠢᠲᠠᠢ ᠬᠥᠭᠵᠢᠯᠲᠡ ᠶᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠵᠤ᠂ | ︽ᠶᠡᠭᠡ ᠬᠤᠯᠪᠣᠭᠠᠯᠠᠯ᠂ ᠶᠡᠭᠡ ᠬᠠᠮᠵᠢᠯᠴᠠᠭ᠎ᠠ︾ ᠶᠢᠨ ᠤᠢᠢᠯᠠᠭᠠᠭᠳᠠᠬᠤᠨ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠨᠡᠶᠢᠭᠡᠮ ᠤᠨ ᠬᠦᠴᠦᠨ ᠢ ᠢᠳᠡᠪᠬᠢᠲᠡᠢ ᠨᠢᠭᠲᠠᠷᠠᠭᠤᠯᠵᠤ᠂ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠪᠠᠶᠢᠭᠤᠯᠵᠤ᠂ ᠥᠷᠭᠡᠨ ᠤᠯᠠᠨ | ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ᠂ ᠡᠷᠡᠭᠦᠯ᠂ ᠪᠣᠬᠢᠷᠲᠤᠯ ᠦᠭᠡᠢ᠂ ᠣᠷᠴᠢᠨ | ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠪᠡ᠃ | ᠳᠠᠷᠠᠭᠠᠴᠢ ᠶᠢᠨ ᠠᠯᠬᠤᠮ ᠳᠤ᠂ ᠰᠦᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ | ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠪᠦᠬᠦ | ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠨᠥᠯᠥᠭᠡᠯᠡᠬᠦ ᠬᠦᠴᠦᠨ ᠪᠣᠯᠤᠨ | ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ | ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ |