ᠰᠦᠩᠱᠠᠨ ᠲᠣᠭᠤᠷᠢᠭ ᠤᠨ ᠲᠥᠯᠥᠭᠡᠯᠡᠭᠴᠢᠳ ᠤᠨ ᠠᠩᠭᠢ ᠪᠦᠬᠦ ᠬᠤᠲᠠ ᠶᠢᠨ ᠨᠢᠭᠡᠳᠦᠭᠡᠷ ᠳᠡᠰ ᠤᠨ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2024/9/20
   ᠣᠶᠢᠷ᠎ᠠ ᠳᠤ᠂ ᠰᠦᠩᠱᠠᠨ ᠲᠣᠭᠤᠷᠢᠭ ᠤᠨ ᠲᠥᠯᠥᠭᠡᠯᠡᠭᠴᠢᠳ ᠤᠨ ᠠᠩᠭᠢ ᠤᠯᠠᠭᠠᠨᠬᠠᠳᠠ ᠶᠢᠨ ᠠᠩᠬᠠᠳᠤᠭᠠᠷ ᠬᠤᠭᠤᠴᠠᠭᠠᠨ ᠤ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠲᠧᠯᠸᠢᠰ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠨᠢ ︽ᠤᠯᠤᠰ ᠢᠶᠠᠨ ᠬᠦᠴᠦᠷᠬᠡᠭᠵᠢᠭᠦᠯᠦᠨ ᠰᠡᠷᠭᠦᠨ ᠮᠠᠨᠳᠤᠭᠤᠯᠬᠤ ᠳᠤ ᠪᠢ ᠪᠠᠶᠢᠨ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠠᠷᠠᠳ ᠲᠦᠮᠡᠨ ᠳᠤ ᠦᠢᠯᠡᠴᠢᠯᠡᠶ᠎ᠡ︾ ᠭᠡᠬᠦ ᠪᠠᠷ ᠭᠤᠤᠯ ᠰᠡᠳᠦᠪ ᠪᠣᠯᠭᠠᠵᠤ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ 12 ᠠᠩᠭᠢ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠳᠤ ᠣᠷᠣᠯᠴᠠᠭᠰᠠᠳ ᠨᠠᠰᠤᠲᠠᠶᠢᠴᠤᠳ᠂ ᠮᠠᠯᠴᠢᠨ ᠲᠠᠷᠢᠶᠠᠴᠢᠨ᠂ ᠠᠵᠤ ᠦᠢᠯᠡᠰ ᠤᠨ ᠠᠵᠢᠯᠴᠢᠨ ᠪᠠ ᠠᠯᠪᠠᠲᠠᠨ ᠢ ᠬᠠᠮᠤᠷᠴᠤ᠂ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠤ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠰᠦᠩᠱᠠᠨ ᠲᠣᠭᠤᠷᠢᠭ ᠤᠨ ᠲᠥᠯᠥᠭᠡᠯᠡᠭᠴᠢᠳ ᠤᠨ ᠠᠩᠭᠢ ᠶᠡᠷᠦᠩᠬᠡᠶ ᠬᠤᠪᠢ ᠪᠠᠷ ᠨᠢᠭᠡᠳᠦᠭᠡᠷ ᠳᠡᠰ ᠤᠨ ᠱᠠᠩᠨᠠᠯ ᠭᠥᠷᠳᠡᠪᠡ᠃    ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠨᠢ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠴᠢᠨᠠᠷ ᠰᠠᠶᠢᠲᠠᠢ ᠬᠥᠭᠵᠢᠯᠲᠡ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠵᠤ᠂ ︽ᠶᠡᠭᠡ ᠬᠤᠯᠪᠣᠭᠠᠯᠠᠯ᠂ ᠶᠡᠭᠡ ᠬᠠᠮᠵᠢᠯᠴᠠᠭ᠎ᠠ︾ ᠶᠢᠨ ᠤᠢᠢᠯᠠᠭᠠᠭᠳᠠᠬᠤᠨ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠨᠡᠶᠢᠭᠡᠮ ᠤᠨ ᠬᠦᠴᠦᠨ ᠢ ᠢᠳᠡᠪᠬᠢᠲᠡᠢ ᠨᠢᠭᠲᠠᠷᠠᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠪᠠᠶᠢᠭᠤᠯᠵᠤ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ᠂ ᠡᠷᠡᠭᠦᠯ᠂ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠪᠡ᠃    ᠳᠠᠷᠠᠭᠠᠴᠢ ᠶᠢᠨ ᠠᠯᠬᠤᠮ ᠳᠤ᠂ ᠰᠦᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠨᠥᠯᠥᠭᠡᠯᠡᠬᠦ ᠬᠦᠴᠦᠨ ᠪᠣᠯᠤᠨ ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号