ᠴᠢᠳᠬᠤᠯᠠᠩ ᠪᠠᠯᠭᠠᠰᠤ ᠬᠢᠩᠭᠠᠨ ᠵᠡᠭᠡᠯᠢ ᠭᠤᠳᠤᠮᠵᠢ ᠲᠠᠢ ᠬᠠᠮᠲᠤᠷᠠᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/27
    9 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠴᠢᠳᠬᠤᠯᠠᠩ ᠪᠠᠯᠭᠠᠰᠤ ᠬᠢᠩᠭᠠᠨ ᠵᠡᠭᠡᠯᠢ ᠭᠤᠳᠤᠮᠵᠢ ᠲᠠᠢ ᠬᠠᠮᠲᠤᠷᠠᠨ ᠲᠠᠷᠢᠶᠠᠴᠢᠳ ᠤᠨ ᠡᠯᠪᠡᠭ ᠬᠤᠷᠢᠶᠠᠯᠲᠠ ᠶᠢ ᠪᠡᠯᠭᠡᠯᠡᠬᠦ ᠠᠵᠢᠯᠯᠠᠭ᠎ᠠ ᠶᠢ ᠬᠠᠮᠲᠤ ᠪᠠᠷ ᠡᠷᠬᠢᠯᠡᠪᠡ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠱᠢ ᠴᠤᠤ ᠠᠵᠢᠯᠯᠠᠭ᠎ᠠ ᠳᠤ ᠤᠷᠤᠯᠴᠠᠪᠠ᠃    ᠵᠤᠤ ᠱᠢ ᠴᠤᠤ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ ᠨᠠᠰᠢ᠂ ᠰᠦᠩᠱᠠᠨ ᠲᠣᠭᠤᠷᠢᠭ ᠨᠢ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠠᠮᠤ ᠪᠤᠳᠠᠭ᠎ᠠ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠲᠠᠷᠢᠶᠠᠴᠢᠳ ᠤᠨ ᠣᠷᠣᠯᠭ᠎ᠠ ᠦᠷᠭᠦᠯᠵᠢᠯᠡᠨ ᠨᠡᠮᠡᠭᠳᠡᠪᠡ᠂ ᠬᠤᠶᠢᠰᠢᠳᠠ ᠪᠦᠬᠦ ᠲᠤᠭᠤᠷᠢᠭ ᠢᠶᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠦᠷᠭᠦᠯᠵᠢᠯᠡᠨ ᠢᠳᠡᠪᠬᠢᠲᠡᠢ ᠠᠳᠬᠤᠵᠤ᠂ ᠰᠦᠩᠱᠠᠨ ᠲᠣᠭᠤᠷᠢᠭ ᠢ ᠤᠯᠠᠮᠵᠢᠯᠠᠯᠲᠤ ᠲᠠᠷᠢᠶᠠᠯᠠᠩ ᠤᠨ ᠲᠤᠮᠤ ᠲᠣᠭᠤᠷᠢᠭ ᠠᠴᠠ ᠣᠳᠣᠬᠢᠴᠢᠯᠠᠭᠰᠠᠨ ᠲᠠᠷᠢᠶᠠᠯᠠᠩ ᠤᠨ ᠬᠦᠴᠦᠷᠬᠡᠭ ᠲᠣᠭᠤᠷᠢᠭ ᠪᠣᠯᠭᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃    ᠲᠣᠰ ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠨᠢ ᠦᠷ᠎ᠡ ᠪᠦᠲᠦᠭᠡᠯ ᠢᠶᠠᠷ ᠡᠯᠪᠡᠭ ᠬᠤᠷᠢᠶᠠᠯᠲᠠ ᠶᠢ ᠳᠡᠯᠭᠡᠨ ᠦᠵᠡᠭᠦᠯᠬᠦ᠂ ᠪᠥᠬᠦ ᠠᠷᠠᠳ ᠢᠶᠠᠷ ᠢᠶᠠᠨ ᠡᠯᠪᠡᠭ ᠬᠤᠷᠢᠶᠠᠯᠲᠠ ᠶᠢ ᠡᠳ᠋ᠯᠡᠬᠦ᠂ ᠤᠷᠠᠨ ᠰᠠᠶᠢᠬᠠᠨ ᠤ ᠲᠣᠭᠯᠠᠯᠲᠠ ᠪᠠᠷ ᠡᠯᠪᠡᠭ ᠬᠤᠷᠢᠶᠠᠯᠲᠠ ᠶᠢ ᠪᠡᠯᠭᠡᠯᠡᠬᠦ ᠵᠡᠷᠭᠡ ᠪᠠᠷ ᠳᠠᠮᠵᠢᠭᠤᠯᠤᠨ ᠡᠯᠪᠡᠭ ᠬᠤᠷᠢᠶᠠᠯᠲᠠ ᠶᠢᠨ ᠪᠠᠶᠢᠳᠠᠯ ᠪᠠ ᠲᠠᠷᠢᠶᠠᠴᠢᠳ ᠤᠨ ᠠᠵᠢᠯᠴᠢ ᠬᠥᠳᠡᠯᠮᠦᠷᠢᠴᠢ ᠪᠠᠷ ᠪᠠᠶᠠᠵᠢᠨ ᠴᠢᠨᠡᠭᠡᠯᠢᠭᠵᠢᠬᠦ ᠪᠠᠶᠠᠷ ᠪᠠᠭ᠋ᠠᠳᠤᠯ ᠢ ᠢᠯᠡᠷᠡᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号