ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠣᠯᠢᠯᠴᠠᠭᠠᠨ ᠤ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/9/27
    9 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠣᠯᠢᠯᠴᠠᠭᠠᠨ ᠤ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠤᠯᠠᠨ ᠢᠶᠠᠷ ᠢᠶᠠᠨ ᠤᠷᠢᠳ ᠬᠤᠵᠢᠳ ᠶᠤᠸᠠᠨ ᠪᠦᠦ ᠱᠠᠨ ᠲᠣᠭᠤᠷᠢᠭ᠂ ᠬᠠᠷᠠᠴᠢᠨ ᠬᠤᠰᠢᠭᠤ᠂ ᠠᠤᠬᠠᠨ ᠬᠤᠰᠢᠭᠤ ᠵᠢᠴᠢ ᠰᠦᠩᠱᠠᠨ ᠲᠣᠭᠤᠷᠢᠭ ᠤᠨ ᠰᠢᠭᠦᠬᠦ ᠬᠤᠷᠢᠶ᠎ᠠ᠂ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ᠂ ᠬᠢᠩᠭᠠᠨ ᠵᠡᠭᠡᠯᠢ ᠭᠤᠳᠤᠮᠵᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠤᠨ ᠪᠠᠶᠢᠭᠤᠯᠤᠯᠲᠠ ᠶᠢᠨ ᠠᠵᠢᠯᠯᠠᠭᠠᠨ ᠵᠢᠴᠢ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠷᠭᠤ ᠬᠢᠬᠦ ᠠᠴᠠ ᠡᠮᠦᠨᠡᠬᠢ ᠡᠶᠡᠳᠡᠭᠦᠯᠭᠡ ᠶᠢᠨ ᠠᠵᠢᠯ ᠳᠤ ᠣᠷᠣᠯᠴᠠᠭᠰᠠᠨ ᠪᠠᠶᠢᠳᠠᠯ ᠤᠨ ᠲᠤᠬᠠᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ᠂ ᠰᠠᠨᠠᠯ ᠢᠶᠠᠨ ᠰᠣᠯᠢᠯᠴᠠᠨ ᠰᠤᠷᠤᠯᠴᠠᠪᠠ᠃    ᠠᠵᠢᠯᠯᠠᠭ᠎ᠠ ᠶᠢᠨ ᠳ᠋ᠦᠩᠨᠡᠯᠲᠡ ᠶᠢᠨ ᠶᠠᠷᠢᠯᠴᠠᠬᠤ ᠬᠤᠷᠠᠯ ᠳᠡᠭᠡᠷ᠎ᠡ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠦ᠋ ᠰᠢᠶᠤᠤ ᠯᠢᠨ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠨᠠᠩ ᠰᠠᠶᠢᠲᠤᠷ ᠭᠦᠢᠴᠡᠳᠬᠡᠬᠦ ᠳᠤ ᠲᠠᠪᠴᠠᠩ ᠪᠠᠶᠢᠭᠤᠯᠤᠨ ᠥᠭᠴᠦ ᠂ ᠦᠢᠯᠡᠴᠢᠯᠡᠭᠡ ᠬᠠᠩᠭᠠᠬᠤ ᠬᠡᠷᠡᠭᠲᠡᠶ︔ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠭᠡᠷ ᠤᠨ ᠥᠷᠲᠡᠭᠡ︾ ᠶᠢᠨ ᠪᠠᠶᠢᠭᠤᠯᠤᠯᠲᠠ ᠶᠢ ᠵᠢᠷᠤᠮᠵᠢᠭᠤᠯᠤᠨ ᠰᠠᠶᠢᠲᠤᠷ ᠬᠢᠵᠦ᠂ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号