ᠰᠦᠩᠱᠠᠨ ᠲᠣᠭᠤᠷᠢᠭ ᠤᠨ 7 ᠠᠵᠤ ᠠᠬᠤᠶᠢᠯᠠᠯ ᠨᠡᠷᠡᠰ ᠤᠨ ᠵᠢᠭᠰᠠᠭᠠᠯᠲᠠ ᠳᠤ ᠲᠣᠳᠣᠷᠠᠪᠠ
ᠨᠡᠶᠢᠲᠡᠯᠡᠭᠰᠡᠨ ᠴᠠᠭ᠄
2024/9/29
    9 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠠᠴᠠ ︽ᠤᠯᠠᠭᠠᠨᠬᠠᠳᠠ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 50 ᠬᠦᠴᠦᠷᠬᠡᠭ︾᠂ ︽ᠦᠢᠯᠡᠴᠢᠯᠡᠭᠡᠨ ᠤ ᠦᠢᠯᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 10 ᠬᠦᠴᠦᠷᠬᠡᠭ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 10 ᠬᠦᠴᠦᠷᠬᠡᠭ︾ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠰᠦᠩᠱᠠᠨ ᠲᠣᠭᠤᠷᠢᠭ ᠤᠨ 7 ᠠᠵᠤ ᠠᠬᠤᠶᠢᠯᠠᠯ ᠨᠡᠷᠡᠰ ᠤᠨ ᠵᠢᠭᠰᠠᠭᠠᠯᠲᠠ ᠳᠤ ᠲᠣᠳᠣᠷᠠᠪᠠ᠃    6 ᠠᠵᠤ ᠠᠬᠤᠶᠢᠯᠠᠯ ᠨᠢ ︽2024 ᠣᠨ ᠤ ᠤᠯᠠᠭᠠᠨᠬᠠᠳᠠ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 50 ᠬᠦᠴᠦᠷᠬᠡᠭ︾ ᠤᠨ ᠨᠡᠷᠡᠰ ᠤᠨ ᠵᠢᠭᠰᠠᠭᠠᠯᠲᠠ ᠳᠤ ᠤᠷᠤᠪᠠ᠃ ᠲᠣᠰ ᠲᠣᠰ ᠤᠯᠠᠭᠠᠨᠬᠠᠳᠠ ᠶᠢᠨ ᠬᠤᠩ ᠵᠢᠶ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠵᠥᠩ ᠲᠢᠶᠠᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠩ ᠶᠧ ᠮᠦᠩᠭᠦ ᠴᠠᠭᠠᠨ ᠲᠤᠭᠤᠯᠭ᠎ᠠ ᠶᠢᠨ ᠠᠭᠤᠷᠬᠠᠶ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠳ᠋ᠠ ᠳ᠋ᠢ ︵ᠪᠦᠯᠦᠭᠯᠡᠯ︶ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠠᠳᠠ ᠶᠢᠨ ᠵᠥᠩ ᠢ ᠰᠢᠬᠢᠷ ᠤᠨ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠮᠢᠩ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯᠤᠨ᠎ᠠ᠃    3 ᠠᠵᠤ ᠠᠬᠤᠶᠢᠯᠠᠯ ᠨᠢ ︽2024 ᠣᠨ ᠤ ᠦᠢᠯᠡᠴᠢᠯᠡᠭᠡᠨ ᠤ ᠦᠢᠯᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 10 ᠬᠦᠴᠦᠷᠬᠡᠭ︾ ᠤᠨ ᠨᠡᠷᠡᠰ ᠤᠨ ᠵᠢᠭᠰᠠᠭᠠᠯᠲᠠ ᠳᠤ ᠤᠷᠤᠪᠠ᠃ ᠲᠣᠰ ᠲᠣᠰ ᠤᠯᠠᠭᠠᠨᠬᠠᠳᠠ ᠶᠢᠨ ᠵᠥᠩ ᠲᠢᠶᠠᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠳ᠋ᠠ ᠳ᠋ᠢ ︵ᠪᠦᠯᠦᠭᠯᠡᠯ︶ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠠᠳᠠ ᠬᠤᠲᠠ ᠶᠢᠨ ᠮᠢᠩ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯᠣᠨ᠎ᠠ᠃    1 ᠠᠵᠤ ᠠᠬᠤᠶᠢᠯᠠᠯ ︽2024 ᠣᠨ ᠤ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 10 ᠬᠦᠴᠦᠷᠬᠡᠭ︾ ᠤᠨ ᠨᠡᠷᠡᠰ ᠤᠨ ᠵᠢᠭᠰᠠᠭᠠᠯᠲᠠ ᠳᠤ ᠣᠷᠣᠪᠠ᠃ ᠥᠪᠥᠷ ᠮᠣᠩᠭᠤᠯ ᠤᠨ ᠯᠢ ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠤᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号