9 ᠰᠠᠷ᠎ᠠ ᠶᠢᠨ 28 ᠤ ᠦᠳᠡ ᠶᠢᠨ ᠬᠤᠶᠢᠨ᠎ᠠ᠂ ︽ᠤᠯᠠᠭᠠᠨᠬᠠᠳᠠ ᠶᠢᠨ ᠴᠢᠨᠠᠷ ᠰᠠᠶᠢᠲᠠᠢ ᠪᠠᠷᠠᠭ᠎ᠠ ᠶᠢ | ᠪᠡᠭᠡᠵᠢᠩ ᠳᠤ ᠣᠷᠣᠭᠤᠯᠬᠤ︾ ᠰᠦᠩᠱᠠᠨ ᠲᠣᠭᠤᠷᠢᠭ ᠤᠨ ᠲᠤᠰᠬᠠᠢ ᠲᠠᠨᠢᠯᠴᠠᠭᠤᠯᠬᠤ ᠬᠤᠷᠠᠯ ᠪᠡᠭᠡᠵᠢᠩ ᠤᠨ | ᠦᠵᠡᠰᠬᠦᠯᠡᠩ ᠤᠨ ᠣᠷᠳᠣᠨ ᠳᠤ ᠶᠠᠪᠤᠭᠳᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠸᠠᠩ ᡁᠢ | ᠭᠤᠸᠠᠩ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠰᠦᠩᠱᠠᠨ ᠲᠣᠭᠤᠷᠢᠭ ᠨᠢ ᠳᠡᠯᠡᠬᠡᠶ ᠳᠤ | ᠠᠯᠳᠠᠷᠰᠢᠭᠰᠠᠨ ︽ᠰᠢᠵᠢᠷ ᠠᠯᠲᠠᠨ ᠡᠷᠳᠡᠨᠢ ᠰᠢᠰᠢ ᠶᠢᠨ ᠪᠦᠰᠡ︾ ᠳᠤ ᠪᠠᠶᠢᠷᠢᠯᠠᠳᠠᠭ᠂ ᠤᠯᠠᠭᠠᠨᠬᠠᠳᠠ ᠬᠤᠲᠠ ᠶᠢᠨ | ᠡᠷᠳᠡᠨᠢ ᠰᠢᠰᠢ᠂ ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ ᠶᠢᠨ ᠭᠤᠤᠯ ᠭᠠᠷᠤᠯᠲᠠ ᠶᠢᠨ ᠣᠷᠣᠨ ᠪᠣᠯᠤᠭᠰᠠᠨ ᠤ | ᠬᠤᠪᠢ ᠳᠤ᠂ ᠥᠪᠡᠷᠮᠢᠴᠡ ᠭᠠᠵᠠᠷ ᠵᠦᠶ ᠶᠢᠨ ᠪᠠᠶᠢᠷᠢᠯᠠᠯ᠂ ᠠᠭᠤᠷ ᠠᠮᠢᠰᠬᠤᠯ ᠤᠨ ᠨᠥᠬᠦᠴᠡᠯ᠂ ᠬᠥᠷᠥᠰᠥ | ᠰᠢᠷᠣᠶ ᠶᠢᠨ ᠭᠠᠵᠠᠷ ᠤᠨ ᠭᠠᠳᠠᠷᠭᠤ ᠪᠠᠷ ᠢᠶᠠᠨ ᠤᠨᠴᠠᠯᠢᠭᠳᠠᠵᠤ ᠪᠦᠬᠦ ᠤᠯᠤᠰ ᠤᠨ ︽ᠠᠮᠤ ᠪᠤᠳᠠᠭᠠᠨ ᠤ ᠨᠤᠲᠤᠭ | ᠳᠡᠪᠢᠰᠬᠡᠷ︾ ᠤᠨ ᠳᠤᠮᠳᠠ ᠠᠴᠠ ᠴᠣᠯᠭᠤᠷᠠᠨ ᠭᠠᠷᠤᠭᠰᠠᠨ ᠪᠠᠶᠢᠨ᠎ᠠ᠃ ᠡᠭᠦᠨ ᠤ ᠬᠠᠮᠲᠤ᠂ ᠰᠦᠩᠱᠠᠨ ᠲᠣᠭᠤᠷᠢᠭ | ᠶᠠᠭ ︽ᠯᠤᠤ ᠶᠢᠨ ᠨᠤᠲᠤᠭ ᠠᠴᠠ ᠬᠢᠨᠠᠨ ᠰᠣᠩᠭᠤᠬᠤ︾ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ | ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠥᠮᠦᠨ ᠤ ᠤᠷᠤᠰᠬᠠᠯ᠂ ᠡᠳ᠋ ᠪᠠᠷᠠᠭᠠᠨ ᠤ ᠭᠦᠢᠯᠭᠡᠭᠡ᠂ | ᠪᠠᠯᠠ ᠮᠥᠩᠭᠦ ᠶᠢᠨ ᠭᠦᠢᠯᠭᠡᠭᠡ᠂ ᠮᠡᠳᠡᠭᠡ ᠵᠠᠩᠭᠢ ᠶᠢᠨ ᠤᠷᠤᠰᠬᠠᠯ ᠲᠦᠷᠭᠡᠨ ᠢᠶᠠᠷ ᠴᠤᠭᠯᠠᠷᠠᠵᠤ ᠪᠤᠢ᠂ ᠲᠠ ᠪᠦᠬᠦᠨ ᠢ | ᠬᠠᠯᠠᠭᠤᠨ ᠢᠶᠠᠷ ᠤᠷᠢᠵᠤ ᠪᠠᠶᠢᠬᠤ ᠪᠠᠨ ᠢᠯᠡᠳᠬᠡᠶ᠎ᠡ ᠭᠡᠪᠡ᠃ | ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠲᠠᠨᠢᠯᠴᠠᠭᠤᠯᠭ᠎ᠠ ᠶᠢᠨ ᠡᠯᠴᠢᠨ | ᠤᠯᠠᠭᠠᠨᠬᠠᠳᠠ ᠶᠢᠨ ᠬᠠᠪᠴᠢᠮᠠᠯ ᠪᠤᠤᠪᠤ᠂ ᠭᠦᠵᠡᠯᠵᠡᠭᠡᠨ᠎ᠡ ᠶᠢᠨ ᠲᠥᠪᠡᠳ ᠬᠠᠰᠢ᠂ ᠲᠠᠪᠤᠨ ᠥᠩᠭᠡᠲᠦ ᠡᠷᠳᠡᠨᠢ ᠰᠢᠰᠢ | ᠵᠡᠷᠭᠡ ᠰᠦᠩᠱᠠᠨ ᠤ ᠰᠠᠶᠢᠨ ᠪᠠᠷᠠᠭ᠎ᠠ ᠶᠢ ᠲᠠᠨᠢᠯᠴᠠᠭᠤᠯᠪᠠ᠃ |