︽ᠤᠯᠠᠭᠠᠨᠬᠠᠳᠠ ᠶᠢᠨ ᠴᠢᠨᠠᠷ ᠰᠠᠶᠢᠲᠠᠢ ᠪᠠᠷᠠᠭ᠎ᠠ ᠶᠢ ᠪᠡᠭᠡᠵᠢᠩ ᠳᠤ ᠣᠷᠣᠭᠤᠯᠬᠤ︾ ᠰᠦᠩᠱᠠᠨ ᠲᠣᠭᠤᠷᠢᠭ ᠤᠨ ᠲᠤᠰᠬᠠᠢ ᠲᠠᠨᠢᠯᠴᠠᠭᠤᠯᠬᠤ ᠬᠤᠷᠠᠯ ᠪᠡᠭᠡᠵᠢᠩ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/29
    9 ᠰᠠᠷ᠎ᠠ ᠶᠢᠨ 28 ᠤ ᠦᠳᠡ ᠶᠢᠨ ᠬᠤᠶᠢᠨ᠎ᠠ᠂ ︽ᠤᠯᠠᠭᠠᠨᠬᠠᠳᠠ ᠶᠢᠨ ᠴᠢᠨᠠᠷ ᠰᠠᠶᠢᠲᠠᠢ ᠪᠠᠷᠠᠭ᠎ᠠ ᠶᠢ ᠪᠡᠭᠡᠵᠢᠩ ᠳᠤ ᠣᠷᠣᠭᠤᠯᠬᠤ︾ ᠰᠦᠩᠱᠠᠨ ᠲᠣᠭᠤᠷᠢᠭ ᠤᠨ ᠲᠤᠰᠬᠠᠢ ᠲᠠᠨᠢᠯᠴᠠᠭᠤᠯᠬᠤ ᠬᠤᠷᠠᠯ ᠪᠡᠭᠡᠵᠢᠩ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠸᠠᠩ ᡁᠢ ᠭᠤᠸᠠᠩ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠰᠦᠩᠱᠠᠨ ᠲᠣᠭᠤᠷᠢᠭ ᠨᠢ ᠳᠡᠯᠡᠬᠡᠶ ᠳᠤ ᠠᠯᠳᠠᠷᠰᠢᠭᠰᠠᠨ ︽ᠰᠢᠵᠢᠷ ᠠᠯᠲᠠᠨ ᠡᠷᠳᠡᠨᠢ ᠰᠢᠰᠢ ᠶᠢᠨ ᠪᠦᠰᠡ︾ ᠳᠤ ᠪᠠᠶᠢᠷᠢᠯᠠᠳᠠᠭ᠂ ᠤᠯᠠᠭᠠᠨᠬᠠᠳᠠ ᠬᠤᠲᠠ ᠶᠢᠨ ᠡᠷᠳᠡᠨᠢ ᠰᠢᠰᠢ᠂ ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ ᠶᠢᠨ ᠭᠤᠤᠯ ᠭᠠᠷᠤᠯᠲᠠ ᠶᠢᠨ ᠣᠷᠣᠨ ᠪᠣᠯᠤᠭᠰᠠᠨ ᠤ ᠬᠤᠪᠢ ᠳᠤ᠂ ᠥᠪᠡᠷᠮᠢᠴᠡ ᠭᠠᠵᠠᠷ ᠵᠦᠶ ᠶᠢᠨ ᠪᠠᠶᠢᠷᠢᠯᠠᠯ᠂ ᠠᠭᠤᠷ ᠠᠮᠢᠰᠬᠤᠯ ᠤᠨ ᠨᠥᠬᠦᠴᠡᠯ᠂ ᠬᠥᠷᠥᠰᠥ ᠰᠢᠷᠣᠶ ᠶᠢᠨ ᠭᠠᠵᠠᠷ ᠤᠨ ᠭᠠᠳᠠᠷᠭᠤ  ᠪᠠᠷ ᠢᠶᠠᠨ ᠤᠨᠴᠠᠯᠢᠭᠳᠠᠵᠤ ᠪᠦᠬᠦ ᠤᠯᠤᠰ ᠤᠨ ︽ᠠᠮᠤ ᠪᠤᠳᠠᠭᠠᠨ ᠤ ᠨᠤᠲᠤᠭ ᠳᠡᠪᠢᠰᠬᠡᠷ︾  ᠤᠨ ᠳᠤᠮᠳᠠ ᠠᠴᠠ ᠴᠣᠯᠭᠤᠷᠠᠨ ᠭᠠᠷᠤᠭᠰᠠᠨ ᠪᠠᠶᠢᠨ᠎ᠠ᠃ ᠡᠭᠦᠨ ᠤ ᠬᠠᠮᠲᠤ᠂ ᠰᠦᠩᠱᠠᠨ ᠲᠣᠭᠤᠷᠢᠭ ᠶᠠᠭ ︽ᠯᠤᠤ ᠶᠢᠨ ᠨᠤᠲᠤᠭ ᠠᠴᠠ ᠬᠢᠨᠠᠨ ᠰᠣᠩᠭᠤᠬᠤ︾ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠬᠥᠮᠦᠨ ᠤ ᠤᠷᠤᠰᠬᠠᠯ᠂ ᠡᠳ᠋ ᠪᠠᠷᠠᠭᠠᠨ ᠤ ᠭᠦᠢᠯᠭᠡᠭᠡ᠂ ᠪᠠᠯᠠ ᠮᠥᠩᠭᠦ ᠶᠢᠨ ᠭᠦᠢᠯᠭᠡᠭᠡ᠂ ᠮᠡᠳᠡᠭᠡ ᠵᠠᠩᠭᠢ ᠶᠢᠨ ᠤᠷᠤᠰᠬᠠᠯ ᠲᠦᠷᠭᠡᠨ ᠢᠶᠠᠷ ᠴᠤᠭᠯᠠᠷᠠᠵᠤ ᠪᠤᠢ᠂ ᠲᠠ ᠪᠦᠬᠦᠨ ᠢ ᠬᠠᠯᠠᠭᠤᠨ ᠢᠶᠠᠷ ᠤᠷᠢᠵᠤ ᠪᠠᠶᠢᠬᠤ ᠪᠠᠨ ᠢᠯᠡᠳᠬᠡᠶ᠎ᠡ ᠭᠡᠪᠡ᠃    ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠲᠠᠨᠢᠯᠴᠠᠭᠤᠯᠭ᠎ᠠ ᠶᠢᠨ ᠡᠯᠴᠢᠨ ᠤᠯᠠᠭᠠᠨᠬᠠᠳᠠ ᠶᠢᠨ ᠬᠠᠪᠴᠢᠮᠠᠯ ᠪᠤᠤᠪᠤ᠂ ᠭᠦᠵᠡᠯᠵᠡᠭᠡᠨ᠎ᠡ ᠶᠢᠨ ᠲᠥᠪᠡᠳ ᠬᠠᠰᠢ᠂ ᠲᠠᠪᠤᠨ ᠥᠩᠭᠡᠲᠦ ᠡᠷᠳᠡᠨᠢ ᠰᠢᠰᠢ ᠵᠡᠷᠭᠡ ᠰᠦᠩᠱᠠᠨ ᠤ ᠰᠠᠶᠢᠨ ᠪᠠᠷᠠᠭ᠎ᠠ ᠶᠢ ᠲᠠᠨᠢᠯᠴᠠᠭᠤᠯᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号