9 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ 2024 ᠣᠨ ᠤ ᠪᠦᠬᠦ ᠣᠷᠣᠨ ᠤ ᠬᠤᠰᠢᠭᠤ | ᠰᠢᠶᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠲᠤᠬᠠᠢ ᠶᠢᠨ ᠲᠠᠯᠠᠪᠠᠢ ᠶᠢᠨ ᠬᠤᠷᠠᠯ ᠤᠯᠠᠭᠠᠨᠬᠠᠳᠠ | ᠬᠤᠳᠠ ᠳᠤ ᠬᠤᠷᠠᠯᠳᠤᠵᠤ᠂ ᠬᠤᠷᠠᠯ ᠳᠤ ᠣᠷᠣᠯᠴᠠᠭᠰᠠᠳ ᠰᠦᠩᠱᠠᠨ ᠲᠣᠭᠤᠷᠢᠭ ᠲᠤ ᠢᠷᠡᠵᠦ ᠲᠣᠭᠤᠷᠢᠨ ᠦᠵᠡᠵᠦ | ᠰᠢᠨᠵᠢᠯᠡᠨ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠵᠥᠩ ᠽᠧᠩ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠠᠩ ᠷᠦᠢ ᠣᠷᠣᠯᠴᠠᠵᠤ᠂ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠯᠢ ᠵᠠᠨ ᠶᠦᠩ ᠪᠠᠷ᠎ᠠ ᠪᠣᠯᠪᠠ᠃ | ᠬᠤᠷᠠᠯ ᠳᠤ ᠣᠷᠣᠯᠴᠠᠭᠰᠠᠳ ᠵᠥᠩ ᠭᠤᠸᠠᠨ ᠼᠦᠨ ᠮᠡᠳᠡᠭᠡ ᠵᠠᠩᠭᠢ ᠶᠢᠨ ᠬᠦᠨᠳᠡᠢ ᠶᠢᠨ ᠮᠡᠷᠭᠡᠵᠢᠯ ᠤᠨ | ᠰᠢᠨ᠎ᠡ ᠶᠢ ᠡᠭᠦᠳᠬᠦ ᠰᠠᠭᠤᠷᠢᠨ ᠭᠠᠵᠠᠷ᠂ ᠥᠪᠥᠷ ᠮᠣᠩᠭᠤᠯ ᠤᠨ ᠲᠢᠶᠠᠨ ᠹᠧᠩ ᠲᠣᠭᠠᠴᠢᠯᠠᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ᠂ ᠲᠤᠬᠠᠶ ᠶᠢᠨ ᠲᠠᠯᠠᠪᠠᠶ ᠳᠤ ᠥᠪᠥᠷ ᠮᠣᠩᠭᠤᠯ ᠤᠨ ᠲᠢᠶᠠᠨ ᠹᠧᠩ | ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠦ ᠵᠧᠩ | ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠦᠨ ᠮᠧᠩ | ᠡᠯᠧᠺᠲᠷᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠠᠴᠢᠯᠠᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ | ᠯᠸᠢ ᠾᠧᠩ ᠣᠶᠤᠨᠴᠢ ᠲᠣᠨᠣᠭᠯᠠᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠲᠠᠨᠢᠯᠴᠠᠭᠤᠯᠭ᠎ᠠ ᠶᠢ ᠰᠣᠨᠣᠰᠪᠠ᠃ ᠤᠯᠠᠨ ᠢᠶᠠᠷ ᠢᠶᠠᠨ | ᠰᠦᠩᠱᠠᠨ ᠲᠣᠭᠤᠷᠢᠭ ᠤᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ | ᠬᠥᠭᠵᠢᠯᠲᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠠᠵᠢᠯ ᠢ ᠭᠦᠢᠴᠡᠳ ᠨᠤᠲᠠᠯᠠᠪᠠ᠃ |