1 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠡᠭᠦᠨ ᠤ ᠪᠠᠶᠢᠭ᠎ᠠ | ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯᠳᠤᠭᠠᠨ ᠤ ᠰᠦᠩᠱᠠᠨ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ | ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠢᠭᠦᠬᠦ | ᠬᠤᠷᠢᠶ᠎ᠠ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ | | | | | | ᠬᠢᠨᠠᠨ ᠵᠥᠪᠯᠡᠬᠦ ᠲᠤᠬᠠᠢ ᠶᠢᠨ ᠲᠠᠯᠠᠪᠠᠢ ᠳᠤ᠂ ᠲᠥᠯᠥᠭᠡᠯᠡᠭᠴᠢᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ | ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠬᠤᠳᠠ ᠶᠢᠨ ᠪᠦᠳᠦᠭᠡᠨ ᠪᠠᠶᠢᠭᠤᠯᠤᠯᠲᠠ᠂ ᠰᠠᠭᠤᠷᠢ ᠰᠤᠷᠭᠠᠨ ᠬᠥᠮᠦᠵᠢᠯ᠂ ᠡᠮ | ᠡᠮᠨᠡᠯᠭᠡ ᠡᠷᠡᠭᠦᠯ ᠬᠠᠮᠠᠭᠠᠯᠠᠯ ᠵᠡᠷᠭᠡ ᠠᠵᠢᠯ ᠤᠨ ᠲᠤᠬᠠᠢ ᠰᠠᠨᠠᠯ ᠰᠠᠨᠠᠭᠤᠯᠭ᠎ᠠ ᠳᠣᠷᠠᠳᠪᠠ᠃ | ᠲᠠᠩ ᠢ ᠶᠠᠷᠢᠶᠠᠨ ᠳᠠᠭᠠᠨ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠠᠵᠢᠯ ᠢᠶᠠᠨ | ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠠᠰᠠᠭᠤᠳᠠᠯ ᠢ ᠵᠠᠳᠠᠯᠬᠤ ᠳᠠᠭᠠᠨ ᠪᠤᠰᠤᠳᠴᠢ ᠪᠥᠭᠡᠳ | ᠪᠣᠳᠠᠲᠠᠶᠢᠵᠢᠭᠤᠯᠵᠤ᠂ ᠬᠠᠷᠠᠯᠲᠠ ᠪᠠᠨ ᠲᠣᠭᠲᠠᠭᠠᠬᠤ ᠳᠤ ᠦᠨᠡᠨ ᠬᠦ ᠬᠡᠷᠡᠭᠵᠢᠭᠦᠯᠦᠭᠦᠰᠢᠲᠡᠶ ᠪᠠᠶᠢᠵᠤ᠂ ᠡᠭᠦᠷᠭᠡ ᠪᠠᠨ | ᠪᠠᠶᠢᠷᠢᠯᠠᠭᠤᠯᠬᠤ ᠳᠠᠭᠠᠨ ᠪᠣᠳᠠᠲᠠᠶ ᠶᠢ ᠡᠷᠬᠢᠮᠯᠡᠵᠦ᠂ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ | ᠢᠯᠡᠳᠬᠡᠯ ᠲᠠᠢ ᠤᠳᠤᠮ ᠤᠯᠠᠮᠵᠢᠯᠠᠯ ᠨᠢᠭᠡᠲᠡᠢ ᠪᠠᠶᠢᠵᠤ᠂ ᠪᠥᠬᠦ ᠬᠤᠲᠠ ᠶᠢᠨ ᠲᠠᠷᠠᠭᠠᠴᠢ ᠶᠢᠨ ᠠᠯᠬᠤᠮ ᠤᠨ | ᠠᠵᠢᠯ ᠤᠨ ᠰᠡᠳᠬᠢᠴᠡ᠂ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠬᠠᠮᠲᠤ ᠪᠠᠷ ᠪᠦᠷᠢᠯᠳᠦᠭᠦᠯᠵᠦ᠂ ᠪᠥᠬᠦ | ᠬᠤᠲᠠ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠣᠶᠤᠨ ᠤᠬᠠᠭᠠᠨ ᠪᠠ ᠬᠦᠴᠦᠨ | ᠴᠢᠳᠠᠯ ᠢᠶᠠᠨ ᠪᠥᠬᠦᠳᠡ ᠬᠤᠷᠠᠯ ᠪᠠ ᠬᠤᠶᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ | ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠨᠢᠭᠡ ᠴᠣᠭᠴᠠᠵᠢᠭᠤᠯᠤᠨ ᠰᠤᠷᠤᠯᠴᠠᠵᠤ᠂ ᠰᠢᠰᠲ᠋ᠧᠮ ᠲᠠᠢ | ᠡᠵᠡᠮᠳᠡᠵᠦ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠶ᠃ | ᠲᠠᠩ ᠢ ᠬᠡᠯᠡᠭᠰᠡᠨ ᠨᠢ᠂ ᠰᠦᠩᠱᠠᠨ ᠲᠣᠭᠤᠷᠢᠭ ᠪᠣᠯ ᠭᠤᠣᠯ ᠬᠤᠳᠠ ᠶᠢᠨ ᠲᠣᠭᠤᠷᠢᠭ ᠤᠨ ᠴᠢᠬᠤᠯᠠ | ᠪᠦᠷᠢᠯᠳᠦᠬᠦᠨ ᠬᠡᠰᠡᠭ ᠪᠣᠯᠤᠨ᠎ᠠ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠮᠠᠰᠢ ᠴᠢᠬᠤᠯᠠ ᠪᠠᠶᠢᠷᠢ | ᠰᠠᠭᠤᠷᠢ ᠶᠢ ᠡᠵᠡᠯᠡᠵᠦ ᠪᠤᠢ᠃ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠭᠡᠷ | ᠳᠠᠭᠤᠷᠢᠶᠠᠯ ᠪᠤᠯᠵᠤ᠂ ︽ᠠᠵᠤ ᠦᠢᠯᠡᠳᠪᠦᠷᠢ ᠬᠥᠭᠵᠢᠨ ᠮᠠᠨᠳᠤᠬᠤ ᠦᠭᠡᠢ ᠠᠯᠢᠪᠠ ᠦᠢᠯᠡᠰ ᠬᠥᠭᠵᠢᠬᠦ ᠦᠭᠡᠢ︾ | ᠭᠡᠬᠦ ᠦᠵᠡᠯᠲᠡ ᠶᠢ ᠴᠢᠩᠭᠠᠳᠬᠠᠵᠤ᠂ ᠳᠠᠪᠠᠭᠤᠯᠢᠭ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ | ᠳᠤᠲᠠᠭᠤᠳᠠᠯ ᠢᠶᠠᠨ ᠣᠨᠣᠪᠴᠢᠲᠠᠢ ᠡᠷᠢᠵᠦ᠂ ᠲᠣᠭᠲᠠᠯ ᠬᠦᠴᠦᠨ ᠢᠶᠠᠨ ᠪᠠᠲᠤᠯᠠᠵᠤ᠂ ᠡᠷᠴᠢ ᠵᠣᠷᠢᠭ ᠢᠶᠠᠨ ᠭᠦᠢᠴᠡᠳ | ᠪᠠᠳᠠᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠪᠠᠨ | ᠲᠦᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢ ᠬᠥᠭᠵᠢᠭᠦᠯᠵᠦ᠂ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠤᠨ ᠠᠪᠴᠢᠷᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ | ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠪᠣᠳᠠᠲᠤ ᠬᠦᠴᠦᠨ ᠢ ᠲᠠᠰᠤᠷᠠᠯᠲᠠ | ᠦᠭᠡᠢ ᠴᠢᠩᠭᠠᠳᠬᠠᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠤᠳᠠ ᠶᠢ ᠰᠠᠶᠢᠲᠤᠷ ᠪᠦᠳᠦᠭᠡᠨ ᠪᠠᠶᠢᠭᠤᠯᠬᠤ ᠲᠠᠯ᠎ᠠ ᠪᠠᠷ | ᠤᠷᠤᠭᠰᠢᠯᠠᠵᠤ᠂ ᠦᠯᠢᠭᠡᠷ ᠳᠠᠭᠤᠷᠢᠶᠠᠯ ᠪᠤᠯᠵᠤ᠂ ︽ᠬᠤᠸᠠᠷ ᠬᠠᠳᠬᠤᠬᠤ︾ ᠬᠦᠴᠦ ᠣᠷᠣᠭᠤᠯᠵᠤ᠂ ᠨᠡᠩ | ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠪᠦᠳᠦᠭᠡᠨ ᠪᠠᠶᠢᠭᠤᠯᠤᠯᠲᠠ ᠶᠢᠨ | ᠳᠤᠲᠠᠭᠤᠳᠠᠯ ᠢ ᠨᠥᠬᠦᠪᠥᠷᠢᠯᠡᠵᠦ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠴᠦᠨ ᠢᠶᠠᠨ | ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠲᠦᠭᠵᠢᠷᠡᠯ᠂ ᠡᠪᠡᠷᠰᠢᠶᠡᠯ ᠤᠨ ᠠᠰᠠᠭᠤᠳᠠᠯ ᠢ ᠰᠢᠢᠳᠪᠦᠷᠢᠯᠡᠵᠦ᠂ | ᠤᠯᠠᠨ ᠲᠦᠮᠡᠨ ᠢ ᠬᠤᠳᠠ ᠳᠤ ᠨᠡᠩ ᠲᠦᠭᠦᠮ᠂ ᠨᠡᠩ ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠪᠣᠯᠭᠠᠬᠤ ᠬᠡᠷᠡᠭᠲᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ | ᠪᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ | ᠬᠡᠯᠪᠡᠷᠢ ᠶᠢᠨ ᠬᠤᠳᠠ ᠪᠠᠯᠭᠠᠰᠤᠵᠢᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠤᠶᠠᠷ | ᠲᠠᠯ᠎ᠠ ᠪᠠᠷ ᠠᠳᠬᠤᠬᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢᠨ | ᠲᠣᠭᠤᠷᠢᠨ ᠳᠤ᠂ ᠤᠢᠢᠷ᠎ᠠ ᠲᠡᠭᠦᠷᠭᠡ ᠶᠢᠨ ᠰᠡᠯᠡᠭᠦᠴᠡᠯ ᠤᠨ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠥᠨᠳᠥᠷ | ᠪᠦᠲᠦᠮᠵᠢᠲᠡᠢ ᠰᠣᠳᠣᠨ ᠤᠨᠴᠠᠯᠢᠬᠳᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠬᠤᠳᠠ ᠶᠢᠨ ᠬᠡᠷᠡᠭᠴᠡᠭᠡ | ᠱᠠᠭᠠᠷᠳᠠᠯᠭ᠎ᠠ ᠳᠤ ᠨᠡᠩ ᠰᠠᠶᠢᠲᠤᠷ ᠦᠢᠯᠡᠴᠢᠯᠡᠵᠦ᠂ ᠬᠤᠳᠠ ᠶᠢᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ | ᠬᠠᠩᠭᠠᠵᠤ᠂ ᠲᠠᠷᠢᠶᠠᠯᠠᠩ ᠤᠨ ᠦᠢᠯᠡᠰ ᠢ ᠵᠠᠯᠭᠠᠪᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠤᠨ | ᠶᠠᠰᠤ ᠴᠢᠨᠠᠷ ᠢ ᠳᠡᠭᠡᠭᠰᠢᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ | ᠰᠠᠶᠢᠵᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ | ᠠᠬᠤᠢ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠬᠤᠳᠠ ᠪᠣᠯᠤᠨ ᠬᠥᠳᠡᠭᠡ ᠲᠣᠰᠬᠤᠨ ᠢ ᠬᠠᠷᠢᠯᠴᠠᠨ | ᠬᠠᠪᠰᠤᠷᠤᠯᠴᠠᠵᠤ ᠬᠠᠷᠢᠯᠴᠠᠨ ᠤᠶᠠᠯᠳᠤᠭᠤᠯᠵᠤ᠂ ᠬᠠᠮᠲᠤᠪᠠᠷ ᠴᠡᠴᠡᠭᠯᠡᠨ ᠬᠥᠭᠵᠢᠭᠦᠯᠬᠦ ᠬᠡᠷᠡᠭᠲᠡᠢ᠃ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠢ | ᠰᠡᠳᠬᠢᠵᠦ ᠵᠣᠷᠢᠭᠲᠠᠢ ᠠᠵᠢᠯᠯᠠᠬᠤ ᠡᠷᠴᠢ ᠵᠣᠷᠢᠭ ᠢᠶᠠᠨ ᠬᠥᠪᠴᠢᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ | ᠡᠴᠦᠰ ᠲᠤᠨᠢ ᠲᠤᠯᠲᠠᠯ᠎ᠠ ᠠᠳᠬᠤᠬᠤ ᠬᠠᠳᠠᠨ ᠵᠣᠷᠢᠭ ᠢᠶᠠᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠭᠠᠷᠭᠠᠭᠰᠠᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠪᠠᠶᠢᠭᠠᠳ ᠰᠠᠶᠢᠲᠤᠷ ᠪᠡᠶᠡᠯᠡᠭᠦᠯᠵᠦ᠂ ᠲᠤᠰᠢᠶᠠᠭᠰᠠᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ | ᠬᠡᠷᠡᠭᠲᠡᠢ᠃ |