ᠰᠦᠩᠱᠠᠨ ᠲᠣᠭᠤᠷᠢᠭ ᠤᠨ ᠨᠠᠮ ᠤᠨ ᠬᠤᠷᠢᠶ᠎ᠠ  ᠶᠢᠨ ᠨᠡᠶᠢᠭᠡᠮ ᠤᠨ ᠠᠵᠢᠯ ᠤᠨ ᠬᠡᠯᠲᠡᠰ ᠠᠷᠠᠳ ᠤᠨ ᠡᠶᠡᠳᠡᠭᠦᠯᠭᠡ ᠶᠢᠨ ︽ᠰᠢᠨ᠎ᠡ ᠠᠷᠭ᠎ᠠ ᠵᠠᠮ︾ ᠢ ᠨᠡᠭᠡᠭᠡᠵᠦ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠠᠮᠢᠵᠢᠷᠠᠯ ᠤᠨ ᠬᠦᠴᠦᠨ︾ ᠢ ᠬᠦᠭᠵᠢᠭᠡᠨ᠎ᠡ
ᠨᠡᠶᠢᠲᠡᠯᠡᠭᠰᠡᠨ ᠴᠠᠭ᠄
2025/1/10
    ᠬᠠᠷᠢᠶᠠᠲᠤ ᠣᠷᠣᠨ ᠤ ᠠᠳᠠᠯ ᠠᠬᠤᠶ ᠶᠢᠨ ᠵᠢᠭᠤᠷᠠᠯᠳᠤᠭᠠᠨ ᠢ ᠪᠦᠲᠦᠮᠵᠢᠲᠡᠶ ᠠᠷᠢᠯᠭᠠᠵᠤ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠰᠢᠨ᠎ᠡ ᠠᠷᠭ᠎ᠠ ᠵᠠᠮ ᠢ ᠢᠳᠡᠪᠬᠢᠲᠡᠶ ᠰᠦᠪᠡᠭᠴᠢᠯᠡᠬᠦ ᠶᠢᠨ ᠲᠥᠯᠥᠭᠡ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠥᠬᠦ ᠲᠣᠭᠤᠷᠢᠭ ᠤᠨ ᠡᠯ᠎ᠡ ᠵᠡᠭᠡᠯᠢ ᠭᠤᠳᠤᠮᠵᠢ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠠᠳᠠᠯ ᠠᠬᠤᠶ ᠬᠢᠭᠡᠳ ᠰᠠᠭᠤᠭᠠᠯᠢ ᠠᠷᠠᠳ ᠤᠨ ᠬᠤᠭᠤᠷᠣᠨᠳᠣᠬᠢ ᠵᠢᠭᠤᠷᠠᠯᠳᠤᠭᠠᠨ ᠤ ᠰᠢᠯᠲᠠᠭᠠᠨ ᠢ ᠭᠦᠨᠵᠡᠭᠡᠶ ᠣᠶᠢᠯᠠᠭᠠᠵᠤ᠂ ᠪᠥᠬᠦ ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢ ᠵᠢᠯᠣᠭᠤᠳᠤᠨ ᠠᠳᠠᠯ ᠠᠬᠤᠶ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠢ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃    ᠣᠶᠢᠯᠠᠭᠠᠭᠰᠠᠨ ᠢᠶᠠᠷ᠂ ᠡᠳ᠋ ᠪᠣᠳᠠᠰ ᠲᠣᠬᠢᠷᠠᠭᠤᠯᠬᠤ ᠺᠣᠮᠢᠰ ᠨᠢ 12345 ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠂ ᠬᠤᠲᠠ ᠶᠢᠨ ᠬᠠᠮᠢᠶᠠᠷᠤᠯᠲᠠ ᠶᠢᠨ 8820110 ᠶᠢᠨ ᠢᠯᠡᠴᠢᠯᠡᠨ ᠮᠡᠳᠡᠭᠦᠯᠬᠦ ᠲᠠᠪᠴᠠᠩ᠂ ᠵᠠᠬᠢᠳᠠᠯ ᠰᠤᠷᠪᠤᠯᠵᠢᠯᠠᠯ ᠢ ᠰᠦᠯᠵᠢᠶᠡᠵᠢᠭᠦᠯᠬᠦ 9+X ᠲᠠᠪᠴᠠᠩ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠡᠶᠡᠳᠡᠭᠦᠯᠬᠦ ᠠᠵᠢᠯ ᠤᠨ ᠬᠠᠭᠤᠳᠠᠰᠤ᠂ ᠵᠦᠢᠯᠡᠰ ᠪᠠ ᠬᠡᠷᠡᠭ ᠢ ᠲᠥᠷᠥᠯ ᠬᠤᠪᠢᠶᠠᠨ ᠰᠢᠯᠢᠨ ᠰᠣᠩᠭᠤᠵᠤ ᠂ ᠭᠡᠷ᠎ᠡ ᠶᠢ ᠭᠦᠢᠴᠡᠳᠬᠡᠬᠦ᠂ ᠦᠢᠯᠡᠴᠢᠯᠡᠭᠡᠨ ᠤ ᠵᠠᠷᠤᠳᠠᠯ ᠤᠨ ᠵᠢᠭᠤᠷᠠᠯᠳᠤᠭᠠᠨ ᠢ ᠢᠳᠡᠪᠬᠢᠲᠡᠶ ᠪᠠᠷ ᠡᠶᠡᠳᠡᠭᠦᠯᠬᠦ᠂ ᠠᠳᠠᠯ ᠠᠬᠤᠶ ᠶᠢᠨ ᠬᠠᠮᠢᠶᠠᠷᠤᠯᠲᠠ ᠶᠢ ᠵᠣᠭᠰᠣᠭᠠᠬᠤ᠂ ᠣᠯᠠᠨ ᠨᠡᠶᠢᠲᠡ ᠶᠢᠨ ᠡᠳ᠋ ᠬᠥᠷᠥᠩᠭᠡ ᠶᠢ ᠡᠪᠳᠡᠬᠦ᠂ ᠣᠯᠠᠨ ᠨᠡᠶᠢᠲᠡ ᠶᠢᠨ ᠲᠠᠯᠠᠪᠤᠷ ᠢ ᠡᠵᠡᠯᠡᠬᠦ ᠵᠡᠷᠭᠡ ᠠᠳᠠᠯ ᠠᠬᠤᠶ ᠶᠢᠨ ᠬᠠᠮᠢᠶᠠᠷᠤᠯᠲᠠ ᠲᠠᠢ ᠬᠤᠯᠪᠣᠭᠳᠠᠬᠤ ᠣᠯᠠᠨ ᠵᠦᠢᠯ ᠤᠨ ᠵᠢᠭᠤᠷᠠᠯᠳᠤᠭᠠᠨ ᠢ ᠢᠳᠡᠪᠬᠢᠲᠡᠶ ᠡᠶᠡᠳᠡᠭᠦᠯᠪᠡ᠃    ᠣᠲᠣ ᠪᠣᠯᠲᠠᠯ᠎ᠠ᠂ ᠪᠥᠬᠦ ᠲᠣᠭᠤᠷᠢᠭ ᠤᠨ 8 ᠵᠡᠭᠡᠯᠢ ᠭᠤᠳᠤᠮᠵᠢ ᠴᠥᠮ ᠠᠳᠠᠯ ᠠᠬᠤᠶ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠢ ᠪᠠᠶᠢᠭᠤᠯᠵᠤ᠂ ᠨᠡᠶᠢᠲᠡ 126 ᠬᠤᠪᠢ ᠬᠠᠷᠢᠶ᠎ᠠ ᠣᠷᠣᠨ ᠤ ᠠᠳᠠᠯ ᠠᠬᠤᠶ ᠶᠢᠨ ᠵᠢᠭᠤᠷᠠᠯᠳᠤᠭᠠᠨ ᠢ ᠴᠤᠭᠯᠠᠭᠤᠯᠤᠨ ᠭᠥᠯᠢᠶᠡᠨ ᠠᠪᠴᠤ ᠰᠢᠢᠳᠪᠦᠷᠢᠯᠡᠵᠦ᠂ ᠨᠢᠭᠡᠨᠲᠡ 94 ᠬᠤᠪᠢ ᠠᠳᠠᠯ ᠠᠬᠤᠶ ᠶᠢᠨ ᠵᠢᠭᠤᠷᠠᠯᠳᠤᠭᠠᠨ ᠢ ᠠᠮᠵᠢᠯᠲᠠ ᠲᠠᠢ ᠠᠷᠢᠯᠭᠠᠵᠤ᠂ 31 ᠬᠤᠪᠢ ᠠᠳᠠᠯ ᠠᠬᠤᠶ ᠶᠢᠨ ᠵᠢᠭᠤᠷᠠᠯᠳᠤᠭᠠᠨ ᠢ ᠠᠷᠢᠯᠭᠠᠬᠤ ᠪᠠᠷ ᠦᠷᠭᠦᠯᠵᠢᠯᠡᠨ ᠠᠬᠢᠭᠤᠯᠵᠤ ᠪᠤᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号