ᠰᠢᠶᠠ ᠵᠢᠶᠠ ᠳ᠋ᠢᠶᠠᠨ ᠰᠢᠶᠠᠩ᠄ ᠡᠪᠦᠯ ᠤᠨ ᠤᠯᠠᠷᠢᠯ ᠤᠨ ᠬᠥᠳᠡᠭᠡ ᠲᠤᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠠᠬᠢᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/1/10
    ᠣᠶᠢᠷ᠎ᠠ ᠳᠤ᠂ ᠰᠢᠶᠠ ᠵᠢᠶᠠ ᠳ᠋ᠢᠶᠠᠨ ᠰᠢᠶᠠᠩ ᠦᠷᠭᠦᠯᠵᠢᠯᠡᠨ ᠬᠦᠴᠦᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠡᠪᠦᠯ ᠤᠨ ᠤᠯᠠᠷᠢᠯ ᠤᠨ ᠪᠠᠶᠢᠯᠳᠤᠭᠠᠨ︾ ᠢ ᠪᠥᠬᠦ ᠲᠠᠯ᠎ᠠ ᠪᠠᠷ ᠥᠷᠨᠢᠭᠦᠯᠵᠦ᠂ ᠬᠠᠷᠢᠶᠠᠲᠤ ᠣᠷᠣᠨ ᠤ ᠲᠣᠰᠬᠤᠨ ᠤ ᠳᠣᠲᠣᠷᠠᠬᠢ ᠭᠤᠤᠯ ᠪᠠ ᠳᠡᠳ᠋ ᠵᠠᠮ᠂ ᠨᠣᠭᠤᠭᠠᠷᠠᠭᠤᠯᠤᠯᠲᠠ ᠶᠢᠨ ᠪᠦᠰᠡ᠂ ᠬᠡᠷ ᠤᠨ ᠡᠮᠦᠨ᠎ᠡ ᠬᠤᠶᠢᠨ᠎ᠠ ᠵᠡᠷᠭᠡ ᠣᠷᠣᠨ ᠪᠦᠰᠡ ᠳᠤ ᠭᠤᠤᠯᠳᠠᠯᠭ᠎ᠠ ᠲᠠᠢ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠲᠥᠪᠯᠡᠷᠡᠭᠦᠯᠦᠨ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ ᠥᠩᠭᠡ ᠵᠢᠰᠦ ᠶᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠪᠠ᠃    ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠬᠥᠳᠡᠭᠡ ᠲᠣᠰᠬᠤᠨ ᠤ ︽ᠨᠢᠭᠤᠷ ᠲᠠᠯ᠎ᠠ︾ ᠮᠥᠨ᠂ ᠨᠠᠩ ᠴᠤ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ︽ᠳᠣᠲᠣᠷ ᠲᠠᠯ᠎ᠠ︾ ᠮᠥᠨ᠃ ᠰᠢᠶᠠ ᠵᠢᠶᠠ ᠳ᠋ᠢᠶᠠᠨ ᠰᠢᠶᠠᠩ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠵᠢᠯ ᠤᠨ ᠠᠭᠤᠯᠭ᠎ᠠ ᠪᠣᠯᠭᠠᠵᠤ᠂ ᠰᠢᠶᠠᠩ ᠤᠨ ᠵᠠᠰᠠᠭ ᠤᠨ ᠣᠷᠳᠣᠨ ᠠᠴᠠ ᠲᠣᠰᠬᠤᠨ ᠤ ᠠᠷᠠᠳ ᠲᠠᠢ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠶᠢᠨ ᠬᠡᠯᠡᠯᠴᠡᠭᠡᠷ ᠤᠨ ᠪᠢᠴᠢᠭ ᠲᠣᠭᠲᠠᠵᠤ᠂ ︽ᠮᠠᠰᠢᠨ ᠢᠶᠠᠷ ᠴᠡᠪᠡᠷᠯᠡᠬᠦ ᠪᠠᠷ ᠭᠤᠣᠯ ᠪᠣᠯᠭᠠᠵᠤ᠂ ᠬᠥᠮᠦᠨ ᠤ ᠬᠦᠴᠦ ᠪᠠᠷ ᠴᠡᠪᠡᠷᠯᠡᠨ ᠠᠷᠢᠯᠭᠠᠬᠤ ᠪᠠᠷ ᠬᠠᠪᠰᠤᠷᠤᠮᠵᠢ ᠪᠣᠯᠭᠠᠵᠤ᠂ ᠲᠣᠭᠤᠷᠢᠨ ᠴᠡᠪᠡᠷᠯᠡᠵᠦ ᠬᠠᠮᠲᠤᠷᠠᠨ ᠠᠵᠢᠯᠯᠠᠬᠤ︾ ᠵᠠᠭᠪᠤᠷ ᠢ ᠬᠡᠷᠡᠭᠯᠡᠵᠦ᠂ ᠡᠯ᠎ᠡ ᠵᠠᠮ ᠤᠨ ᠬᠡᠰᠡᠭ ᠤᠨ ᠣᠨᠴᠠᠯᠢᠭ ᠢ ᠦᠨᠳᠦᠰᠦᠯᠡᠨ᠂ ︽ᠨᠢᠭᠡ ᠵᠡᠭᠡᠯᠢ ᠳᠤ ᠨᠢᠭᠡ ᠠᠷᠭ᠎ᠠ ᠪᠤᠳᠤᠯᠭ᠎ᠠ︾ ᠶᠢ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠲᠦᠷᠢᠮ ᠢ ᠪᠠᠶᠢᠭᠤᠯᠵᠤ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ᠂ ︽ᠠᠷᠬᠠᠭ ᠭᠡᠮ︾ ᠤᠨ ᠲᠠᠬᠢᠨ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠢᠶᠠᠷᠤᠨ ᠵᠠᠰᠠᠬᠤ ᠶᠢ ᠵᠡᠷᠭᠡᠪᠡᠷ ᠶᠠᠪᠤᠭᠳᠠᠭᠤᠯᠵᠤ᠂ ᠪᠠᠶᠢᠩᠭᠤ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠲᠤᠯᠠᠪᠠ᠃ ᠡᠭᠦᠨ ᠤ ᠬᠠᠮᠲᠤ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠰᠢᠯᠭᠠᠷᠠᠭᠤᠯᠬᠤ᠂ ᠶᠣᠰᠣ ᠰᠤᠷᠲᠠᠬᠤᠨ ᠤ ᠬᠤᠷᠠᠮᠳᠤᠯ ᠬᠤᠪᠢ ᠰᠣᠯᠢᠬᠤ ᠵᠡᠷᠭᠡ ᠤᠷᠮᠠᠰᠢᠭᠤᠯᠬᠤ ᠲᠣᠭᠲᠠᠴᠠ ᠶᠢ ᠠᠰᠢᠭᠯᠠᠨ᠂ ᠡᠯ᠎ᠡ ᠲᠣᠰᠬᠤᠨ ᠳᠤ ᠬᠥᠮᠦᠨ ᠪᠦᠬᠦᠨ ᠣᠷᠣᠯᠴᠠᠬᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠠᠯᠬᠤᠮ ᠠᠯᠬᠤᠮ ᠢᠶᠠᠷ ᠪᠤᠢ ᠪᠤᠯᠭᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号