1 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ | ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠨᠠᠢᠮᠠᠳᠤᠭᠠᠷ ᠤᠳᠠᠭᠠᠨ ᠤ | ᠪᠥᠬᠦᠳᠡ ᠬᠤᠷᠠᠯ ᠵᠢᠴᠢ ᠪᠥᠬᠦ ᠲᠣᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ᠂ ᠬᠤᠷᠠᠯ ᠤᠨ | ᠬᠤᠭᠤᠴᠠᠭ᠎ᠠ ᠨᠢ ᠨᠢᠭᠡ ᠡᠳᠦᠷ ᠪᠣᠯᠤᠨ᠎ᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠮᠧᠩ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠪᠥᠬᠦᠳᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠳᠠᠷᠤᠭ᠎ᠠ ᠵᠦᠩ ᠴᠢᠩ ᠰᠦᠩ ᠬᠤᠷᠠᠯ ᠳᠤ ᠣᠷᠣᠯᠴᠠᠪᠠ᠃ | ᠡᠨᠡ ᠤᠳᠠᠭ᠎ᠠ ᠶᠢᠨ ᠪᠦᠬᠦᠳᠡ ᠬᠤᠷᠠᠯ ᠤᠨ ᠭᠤᠣᠯ ᠡᠭᠦᠷᠭᠡ ᠪᠣᠯ᠄ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠳᠠ ᠶᠢᠨ | ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | 2024 ᠣᠨ ᠤ ᠠᠵᠢᠯ ᠢ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ |