ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/1/15
    1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠭᠦᠸᠧ ᠮᠢᠩ ᠷᠦᠢ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠪᠦᠬᠦ ᠴᠠᠭᠳᠠᠭ᠎ᠠ ᠨᠠᠷ ᠲᠥᠪ ᠴᠢᠩᠭ᠎ᠠ᠂ ᠲᠡᠷᠢ ᠲᠡᠭᠰᠢ ᠮᠥᠷᠯᠡᠵᠦ ᠴᠠᠭᠳᠠᠭᠠᠨ ᠲᠤᠭ ᠢ ᠮᠠᠨᠳᠤᠭᠤᠯᠪᠠ᠃ ᠲᠤᠭ ᠮᠠᠨᠳᠤᠭᠤᠯᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠥᠬᠦ ᠬᠥᠮᠦᠰ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠲᠠᠩᠭᠠᠷᠢᠭ ᠤᠨ ᠦᠭᠡᠰ︾ ᠢ ᠳᠠᠬᠢᠨ ᠤᠩᠰᠢᠪᠠ᠃    ᠭᠦᠸᠧ ᠮᠢᠩ ᠷᠦᠢ ᠱᠠᠭᠠᠷᠳᠠᠭᠰᠠᠨ ᠨᠢ᠂ ᠥᠷᠭᠡᠨ ᠣᠯᠠᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠬᠤ ᠬᠡᠷᠡᠭᠲᠡᠶ︔ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠶ︔ ᠪᠠᠶᠢᠭᠤᠯᠤᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ ᠤᠨ ᠴᠠᠭᠳᠠᠭ᠎ᠠ ᠶᠢᠨ ᠡᠩᠨᠡᠭᠡᠨ ᠤ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号