1 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ 2025 ᠣᠨ ᠤ | ᠡᠪᠦᠯ ᠤᠨ ᠤᠯᠠᠷᠢᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠲᠤᠷᠠᠭᠰᠠᠨ | ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ ᠰᠦᠩᠱᠠᠨ ᠲᠣᠭᠤᠷᠢᠭ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠶᠡᠷᠦᠩᠬᠡᠶᠢᠯᠡᠨ ᠵᠠᠰᠠᠬᠤ ᠶᠢ ᠠᠬᠢᠭᠤᠯᠬᠤ | ᠬᠡᠷᠡᠭᠵᠢᠭᠦᠯᠬᠦ ᠰᠠᠨᠠᠯ︾ ᠢ ᠤᠩᠰᠢᠨ ᠨᠡᠶᠢᠲᠡᠯᠡᠭᠰᠡᠨ ᠪᠥᠭᠡᠳ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠪᠥᠬᠦ | ᠲᠤᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠲᠤᠷᠠᠨ ᠬᠠᠤᠯᠢ | ᠬᠡᠷᠡᠭᠵᠢᠭᠦᠯᠬᠦ ᠠᠵᠢᠯ ᠤᠨ ᠡᠭᠦᠷᠭᠡ ᠳᠤ ᠪᠣᠳᠠᠲᠠᠶ ᠲᠣᠬᠢᠷᠠᠭᠤᠯᠤᠯᠲᠠ ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤᠨ ᠤ ᠬᠢᠨ ᠦᠵᠡᠯ | ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠪᠠᠶᠢᠭᠤᠯᠤᠮᠵᠢ ᠶᠢᠨ ᠵᠠᠰᠠᠯᠲᠠ ᠶᠢᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠡᠨᠡ ᠵᠢᠯ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠴᠡᠭᠴᠡᠯᠡᠨ ᠵᠢᠷᠤᠮᠵᠢᠭᠤᠯᠬᠤ ᠠᠩᠬᠠᠨ ᠤ ᠰᠢᠪᠲᠤᠯᠤᠯᠲᠠ ᠶᠢᠨ | ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠡᠬᠢᠯᠡᠭᠦᠯᠬᠦ ᠬᠡᠷᠡᠭᠲᠡᠶ᠃ ᠭᠤᠣᠯᠳᠠᠯᠭ᠎ᠠ ᠶᠢ ᠳᠣᠪᠤᠶᠢᠯᠭᠠᠨ᠂ | ᠬᠠᠷᠠᠯᠲᠠ ᠪᠠᠨ ᠲᠣᠳᠣᠷᠬᠠᠶᠢᠯᠠᠵᠤ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠦᠨᠡᠮᠯᠡᠯ ᠦᠭᠡᠢ ᠪᠠᠷ ᠰᠤᠷᠭᠠᠭᠤᠯᠢ ᠡᠷᠬᠢᠯᠡᠬᠦ᠂ ᠬᠡᠪᠴᠢᠶ᠎ᠡ ᠠᠴᠠ | ᠬᠡᠲᠦᠷᠡᠭᠦᠯᠦᠨ ᠡᠵᠡᠩᠨᠡᠬᠦ᠂ ᠲᠣᠭᠲᠠᠭᠠᠯ ᠠᠴᠠ ᠵᠥᠷᠢᠴᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ | ᠥᠷᠨᠢᠭᠦᠯᠬᠦ ᠵᠡᠷᠭᠡ ᠠᠰᠠᠭᠤᠳᠠᠯ ᠳᠤ ᠭᠤᠣᠯᠳᠠᠯᠭ᠎ᠠ ᠲᠠᠢ ᠴᠣᠬᠢᠯᠲᠠ ᠥᠭᠴᠦ᠂ ᠬᠠᠤᠯᠢ ᠶᠢ ᠴᠢᠩᠭ᠎ᠠ ᠬᠡᠷᠡᠭᠵᠢᠭᠦᠯᠵᠦ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠢ᠃ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠪᠠᠶᠢᠩᠭᠤ ᠶᠢᠨ ᠵᠠᠰᠠᠯᠲᠠ᠂ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠨᠠᠩ ᠶᠡᠭᠡ ᠡᠭᠦᠷᠭᠡᠯᠡᠯ᠂ ᠨᠠᠩ ᠭᠦᠢᠴᠡᠳ | ᠡᠷᠴᠢ ᠵᠣᠷᠢᠭ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠰᠦᠩᠱᠠᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠨ ᠵᠠᠰᠠᠬᠤ ᠠᠵᠢᠯ ᠤᠨ ᠰᠢᠨ᠎ᠡ ᠪᠣᠳᠠᠲᠤ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠶ᠃ |