ᠤᠶᠤᠨᠲᠤ ᠨᠡᠶᠢᠭᠡᠮ ᠲᠣᠭᠤᠷᠢᠭ ᠤᠨ ︽ᠡᠭᠦᠯᠡᠨ︾ ᠠᠭᠤᠳᠠᠮ ᠲᠠᠯᠠᠪᠠᠶ ᠨᠢ ᠠᠷᠠᠳ ᠲᠤ ᠲᠥᠬᠦᠮ ᠦᠵᠡᠭᠦᠯᠬᠦ ᠠᠷᠠᠳ ᠢ ᠢᠪᠡᠭᠡᠬᠦ ᠰᠢᠨ᠎ᠡ ᠬᠥᠭᠦᠷᠭᠡ ᠪᠤᠯᠤᠨ᠎ᠠ
ᠨᠡᠶᠢᠲᠡᠯᠡᠭᠰᠡᠨ ᠴᠠᠭ᠄
2025/1/15
   ᠤᠢᠢᠷ᠎ᠠ ᠶᠢᠨ ᠵᠢᠯ ᠠᠴᠠ᠂ ᠲᠢᠶᠧ ᠳ᠋ᠦᠩ ᠵᠡᠭᠡᠯᠢ ᠭᠤᠳᠤᠮᠵᠢ ᠶᠢᠨ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ︽ᠰᠦᠩᠱᠠᠨ ᠰᠢᠶᠤᠤ ᡁᠢ︾ ᠤᠶᠤᠨᠲᠤ ᠨᠡᠶᠢᠭᠡᠮ ᠲᠣᠭᠤᠷᠢᠭ ᠤᠨ ᠲᠠᠪᠴᠠᠩ ᠢᠶᠠᠷ ᠠᠴᠢᠶᠠᠯᠠᠪᠤᠷᠢ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ᠃    ᠰᠠᠭᠤᠭᠠᠯᠢ ᠠᠷᠠᠳ ᠸᠢᠴᠠᠲ ᠤᠨ ᠵᠢᠵᠢᠭ ᠫᠷᠤᠭ᠍ᠷᠠᠮ ᠤᠨ ︽ᠰᠦᠩᠱᠠᠨ ᠰᠢᠶᠤᠤ ᡁᠢ︾ ᠤᠶᠤᠨᠲᠤ ᠨᠡᠶᠢᠭᠡᠮ ᠲᠣᠭᠤᠷᠢᠭ ᠤᠨ ᠲᠠᠪᠴᠠᠩ ᠳᠤ ᠭᠠᠷᠴᠤ ᠬᠠᠮᠢᠶ᠎ᠠ ᠪᠥᠬᠦᠶ ᠬᠦᠰᠡᠯ ᠱᠠᠭᠠᠷᠳᠠᠯᠭ᠎ᠠ ᠳᠤᠷᠠᠳᠪᠠᠯ ᠳᠠᠷᠤᠶ ᠳᠤᠨᠢ ᠲᠤᠰᠬᠠᠶ ᠬᠥᠮᠦᠨ ᠢᠶᠠᠷ ᠭᠦᠢᠴᠡᠳᠬᠡᠭᠦᠯᠵᠦ᠂ ᠡᠭᠦᠨ ᠤ ᠤᠯᠠᠮ ᠠᠴᠠ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ︽ᠨᠢᠭᠡ ᠰᠧᠺᠦ᠋ᠨ᠋ᠳ᠋ ᠢᠶᠠᠷ ᠶᠠᠪᠤᠭᠤᠯᠬᠤ︾᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ︽ᠨᠢᠭᠡ ᠰᠦᠯᠵᠢᠶ᠎ᠡ ᠪᠠᠷ ᠱᠦᠭᠦᠬᠦ︾᠂ ᠨᠠᠶᠢᠳᠠᠪᠤᠷᠢᠵᠢᠭᠤᠯᠤᠭᠰᠠᠨ ᠪᠠᠶᠢᠳᠠᠯ ᠢ ︽ᠨᠢᠭᠡ ᠳᠠᠷᠤᠪᠴᠢ ᠪᠠᠷ ᠬᠠᠷᠢᠭᠤ ᠲᠤᠰᠬᠠᠬᠤ︾ ᠶᠢ ᠪᠡᠶᠡᠯᠡᠭᠦᠯᠪᠡ᠃ ᠲᠠᠪᠴᠠᠩ ᠢ ᠰᠦᠯᠵᠢᠶᠡᠨ ᠳᠤ ᠣᠷᠣᠭᠤᠯᠤᠭᠰᠠᠨ ᠠᠴᠠ ᠨᠠᠰᠢ᠂ ᠬᠠᠷᠢᠶᠠᠲᠤ ᠣᠷᠣᠨ ᠳᠤ ᠨᠢᠭᠡᠨᠲᠡ 5000 ᠢᠯᠡᠭᠦᠦ ᠬᠥᠮᠦᠨ ᠬᠡᠷᠡᠭᠯᠡᠵᠦ᠂ ᠡᠯ᠎ᠡ ᠲᠥᠷᠥᠯ ᠤᠨ ᠭᠤᠮᠣᠳᠠᠯ ᠱᠠᠭᠠᠷᠳᠠᠯᠭ᠎ᠠ ᠶᠢᠨ ᠠᠰᠠᠭᠤᠳᠠᠯ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠮᠡᠳᠡᠭᠡ ᠵᠠᠩᠭᠢ ᠶᠢ ᠨᠡᠶᠢᠲᠡ ᠵᠠᠭᠤ ᠭᠠᠷᠤᠶ ᠭᠥᠯᠢᠶᠡᠨ ᠠᠪᠤᠪᠠ︔ ᠡᠭᠦᠨ ᠤ ᠬᠠᠮᠲᠤ ᠪᠠᠰᠠ ᠰᠦᠯᠵᠢᠶᠡᠨ ᠭᠠᠳᠠᠨᠠᠬᠢ ᠬᠠᠶᠢᠷ᠎ᠠ ᠬᠠᠯᠠᠮᠵᠢ ᠶᠢᠨ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠢ ᠰᠦᠯᠵᠢᠶᠡᠨ ᠳᠡᠭᠡᠷ᠎ᠡ ᠵᠡᠷᠭᠡ ᠳᠤᠨᠢ ᠬᠦᠷᠭᠡᠵᠦ᠂ ᠰᠠᠭᠤᠭᠠᠯᠢ ᠠᠷᠠᠳ ᠭᠠᠯ ᠲᠣᠭᠤᠭᠠᠨ ᠤ ᠬᠡᠷᠡᠭᠰᠡᠯ᠂ ᠠᠮᠤ ᠲᠣᠰᠣ ᠵᠡᠷᠭᠡ ᠠᠮᠢᠳᠤᠷᠠᠯ ᠤᠨ ᠬᠡᠷᠡᠭᠰᠡᠯ ᠢ ᠰᠣᠯᠢᠵᠤ ᠪᠣᠯᠤᠨ᠎ᠠ᠂ ᠣᠲᠣ ᠪᠣᠯᠲᠠᠯ᠎ᠠ ᠵᠠᠭᠤ ᠰᠢᠬᠠᠮ ᠬᠥᠮᠦᠨ ᠤᠷᠤᠯᠴᠠᠪᠠ᠃ ︽ᠰᠦᠩᠱᠠᠨ ᠰᠢᠶᠤᠤ ᡁᠢ︾ ᠤᠶᠤᠨᠲᠤ ᠨᠡᠶᠢᠭᠡᠮ ᠲᠣᠭᠤᠷᠢᠭ ᠤᠨ ᠲᠠᠪᠴᠠᠩ ᠪᠠᠰᠠ ︽ᠪᠢ ᠨᠡᠶᠢᠭᠡᠮ ᠲᠣᠭᠤᠷᠢᠭ ᠤᠨ ᠱᠦᠵᠢ ᠳᠤ ᠬᠡᠯᠡᠨ᠎ᠡ︾ ᠭᠡᠬᠦ ᠬᠡᠰᠡᠭ ᠭᠠᠷᠭᠠᠵᠤ᠂ ᠨᠢᠭᠡᠨᠲᠡ ᠬᠦᠴᠦᠨ ᠪᠥᠬᠦᠶ 26 ᠵᠤᠷᠪᠤᠰ ᠦᠭᠡ ᠶᠢ ᠲᠤᠰᠪᠠ᠃ ᠠᠵᠢᠯᠲᠠᠳ ᠪᠠᠰᠠ ︽ᠰᠦᠩᠱᠠᠨ ᠰᠢᠶᠤᠤ ᡁᠢ︾ ᠤᠶᠤᠨᠲᠤ ᠨᠡᠶᠢᠭᠡᠮ ᠲᠣᠭᠤᠷᠢᠭ ᠤᠨ ᠲᠠᠪᠴᠠᠩ ᠢᠶᠠᠷ ᠳᠠᠮᠵᠢᠭᠤᠯᠤᠨ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ᠂ ᠪᠣᠯᠪᠠᠰᠤᠨ ᠢᠶᠠᠷ ᠨᠣᠬᠠᠶ ᠲᠡᠵᠢᠭᠡᠬᠦ᠂ ᠠᠳᠠᠯ ᠠᠬᠤᠶ ᠶᠢᠨ ᠦᠢᠯᠡᠴᠢᠯᠡᠭᠡ ᠵᠡᠷᠭᠡ ᠳᠤ ᠴᠢᠭᠯᠡᠭᠦᠯᠦᠨ 10 ᠭᠠᠷᠤᠶ ᠤᠳᠠᠭ᠎ᠠ ᠰᠦᠯᠵᠢᠶᠡᠨ ᠳᠡᠭᠡᠷ᠎ᠡ ᠬᠡᠷᠡᠭ ᠵᠥᠪᠯᠡᠵᠦ᠂ 20 ᠬᠤᠪᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠮᠵᠢᠯᠲᠠ ᠲᠠᠢ ᠪᠠᠷ ᠵᠥᠪᠳᠡᠯᠴᠡᠨ ᠰᠢᠢᠳᠪᠦᠷᠢᠯᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号