ᠰᠦᠩᠱᠠᠨ ᠲᠣᠭᠤᠷᠢᠭ 2025 ᠣᠨ ᠤ ᠡᠪᠦᠯ ᠤᠨ ᠤᠯᠠᠷᠢᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/15
   1 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ 2025 ᠣᠨ ᠤ ᠡᠪᠦᠯ ᠤᠨ ᠤᠯᠠᠷᠢᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠰᠦᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ ᠰᠦᠩᠱᠠᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠶᠡᠷᠦᠩᠬᠡᠶᠢᠯᠡᠨ ᠵᠠᠰᠠᠬᠤ ᠶᠢ ᠠᠬᠢᠭᠤᠯᠬᠤ ᠬᠡᠷᠡᠭᠵᠢᠭᠦᠯᠬᠦ ᠰᠠᠨᠠᠯ︾ ᠢ ᠤᠩᠰᠢᠨ ᠨᠡᠶᠢᠲᠡᠯᠡᠭᠰᠡᠨ ᠪᠥᠭᠡᠳ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ᠪᠥᠬᠦ ᠲᠤᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠡᠭᠦᠷᠭᠡ ᠳᠤ ᠪᠣᠳᠠᠲᠠᠶ ᠲᠣᠬᠢᠷᠠᠭᠤᠯᠤᠯᠲᠠ ᠬᠢᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠵᠠᠰᠠᠯᠲᠠ ᠶᠢᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠡᠨᠡ ᠵᠢᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠴᠡᠭᠴᠡᠯᠡᠨ ᠵᠢᠷᠤᠮᠵᠢᠭᠤᠯᠬᠤ ᠠᠩᠬᠠᠨ ᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠡᠬᠢᠯᠡᠭᠦᠯᠬᠦ ᠬᠡᠷᠡᠭᠲᠡᠶ᠃ ᠭᠤᠣᠯᠳᠠᠯᠭ᠎ᠠ ᠶᠢ ᠳᠣᠪᠤᠶᠢᠯᠭᠠᠨ᠂ ᠬᠠᠷᠠᠯᠲᠠ ᠪᠠᠨ ᠲᠣᠳᠣᠷᠬᠠᠶᠢᠯᠠᠵᠤ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠦᠨᠡᠮᠯᠡᠯ ᠦᠭᠡᠢ ᠪᠠᠷ ᠰᠤᠷᠭᠠᠭᠤᠯᠢ ᠡᠷᠬᠢᠯᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ᠂ ᠲᠣᠭᠲᠠᠭᠠᠯ ᠠᠴᠠ ᠵᠥᠷᠢᠴᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠥᠷᠨᠢᠭᠦᠯᠬᠦ ᠵᠡᠷᠭᠡ ᠠᠰᠠᠭᠤᠳᠠᠯ ᠳᠤ ᠭᠤᠣᠯᠳᠠᠯᠭ᠎ᠠ ᠲᠠᠢ ᠴᠣᠬᠢᠯᠲᠠ ᠥᠭᠴᠦ᠂ ᠬᠠᠤᠯᠢ ᠶᠢ ᠴᠢᠩᠭ᠎ᠠ ᠬᠡᠷᠡᠭᠵᠢᠭᠦᠯᠵᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠢ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠪᠠᠶᠢᠩᠭᠤ ᠶᠢᠨ ᠵᠠᠰᠠᠯᠲᠠ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠨᠠᠩ ᠶᠡᠭᠡ ᠡᠭᠦᠷᠭᠡᠯᠡᠯ᠂ ᠨᠠᠩ ᠭᠦᠢᠴᠡᠳ ᠡᠷᠴᠢ ᠵᠣᠷᠢᠭ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠰᠦᠩᠱᠠᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠨ ᠵᠠᠰᠠᠬᠤ ᠠᠵᠢᠯ ᠤᠨ ᠰᠢᠨ᠎ᠡ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号