ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2025/1/26
    1 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤᠯᠠᠭᠠᠨᠬᠠᠳᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃
E:\20210708蒙古文网站工作\蒙古文网站工作\赤峰市松山区人民政府文件翻译\2微信公众号\2025年\9政协赤峰市松山区第十届委员会第四次会议开幕\e90918511df17ff7f9edaabb55d74f9d.jpg   
   ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠮᠧᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠦᠩ ᠴᠢᠩ ᠰᠥᠩ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠢᠨ ᠢᠦᠢ ᠬᠤᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠠᠨ ᠶᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠰᠦᠨ ᠯᠢ ᠸᠧᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠸᠠᠨ ᠯᠢ᠂ ᠰᠦᠨ ᠶᠤᠸᠠᠢ ᠴᠢᠨ᠂ ᠶᠣᠣ ᠰᠢᠤᠸᠠᠢ ᠰᠢᠤᠸᠠᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᠬᠠᠢ ᠵᠢᠶᠦ᠋ᠨ᠂ ᠨᠠᠷᠢᠨ ᠪᠢᠴᠢᠭ ᠤᠨ ᠳᠠᠷᠤᠭ᠎ᠠ ᠯᠢᠨ ᠶᠠ ᠴᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠯᠢᠦ ᠸᠠᠨ ᠯᠢ ᠡᠬᠢᠯᠡᠯᠲᠡ ᠶᠢᠨ ᠶᠡᠭᠡ ᠬᠤᠷᠠᠯ ᠢ ᠡᠷᠬᠢᠯᠡᠪᠡ᠃    ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠦ᠋ ᠰᠢᠶᠤᠤ ᠯᠢᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠨᠡᠶᠢᠲᠡ 235 ᠬᠥᠮᠦᠨ᠂ ᠶᠡᠭᠡ ᠬᠤᠷᠠᠯ ᠳᠤ ᠣᠷᠣᠯᠴᠠᠭᠰᠠᠨ ᠭᠡᠰᠢᠭᠦᠨ 206 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃    ᠦᠳᠡ ᠶᠢᠨ ᠡᠮᠦᠨᠡᠬᠢ 9 ᠴᠠᠭ ᠲᠤ᠂ ᠯᠢᠦ ᠸᠠᠨ ᠯᠢ ᠶᠡᠭᠡ ᠬᠤᠷᠠᠯ ᠡᠬᠢᠯᠡᠭᠰᠡᠨ ᠢ ᠵᠠᠷᠯᠠᠪᠠ᠃    ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃    ᠶᠠᠩ ᠮᠧᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ 2024 ᠣᠨ ᠳᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠬᠥᠭᠵᠢᠯᠲᠡ ᠶᠢ ᠠᠬᠢᠭᠤᠯᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠭᠤᠤᠯ ᠠᠵᠢᠯ ᠳᠤ ᠰᠠᠭᠤᠷᠢᠯᠠᠵᠤ᠂ ᠲᠤᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ 2025 ᠣᠨ ᠢ ︽ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠨ ︾ ᠢᠶᠠᠷ ᠲᠣᠭᠲᠠᠭᠠᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠪᠠ ᠪᠥᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠡᠯ᠎ᠡ ᠡᠲᠡᠭᠡᠳ ᠤᠨ ᠬᠦᠴᠦᠨ ᠢ ᠪᠦᠯᠬᠦᠮᠳᠡᠭᠦᠯᠦᠨ ᠳᠠᠶᠢᠴᠢᠯᠠᠵᠤ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠠᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠪᠠ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡᠯᠡᠯ ᠢ ᠨᠠᠩ ᠭᠦᠢᠴᠡᠳ ᠢᠯᠡᠷᠡᠭᠦᠯᠵᠦ ᠂ ᠤᠯᠤᠰ ᠲᠥᠷᠥ ᠶᠢᠨ ᠵᠥᠪᠯᠡᠯᠭᠡᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠲᠤᠭ ᠢ ᠥᠨᠳᠥᠷ ᠮᠠᠨᠳᠤᠭᠤᠯᠵᠤ ᠨᠠᠮ ᠢᠶᠠᠨ ᠳᠠᠭᠠᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠵᠢᠯᠣᠭᠤᠳᠤᠮᠵᠢ ᠶᠢᠨ ᠲᠠᠯ᠎ᠠ ᠪᠠᠷ ᠨᠠᠩ ᠥᠨᠳᠥᠷ ᠵᠣᠭᠰᠣᠴᠠ ᠶᠢ ᠢᠯᠡᠷᠡᠭᠦᠯᠬᠦ ᠬᠡᠷᠡᠭᠲᠡᠶ᠃ ᠭᠤᠣᠯᠳᠠᠯᠭ᠎ᠠ ᠶᠢᠨ ᠲᠣᠭᠤᠷᠢᠨ ᠳᠤ ᠲᠤᠰᠢᠶᠠᠯ ᠢᠶᠠᠨ ᠰᠠᠶᠢᠲᠤᠷ ᠭᠦᠢᠴᠡᠳᠬᠡᠬᠦ ᠶᠢ ᠪᠠᠷᠢᠮᠲᠠᠯᠠᠵᠤ᠂ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ᠂ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠨᠡᠩ ᠤᠯᠠᠨ ᠪᠣᠳᠠᠲᠠᠢ ᠠᠷᠭ᠎ᠠ ᠬᠡᠮᠵᠢᠶ᠎ᠡ ᠠᠪᠬᠤ ᠬᠡᠷᠡᠭᠲᠡᠢ᠃    ᠶᠠᠩ ᠮᠧᠩ ᠬᠡᠯᠡᠬᠦ ᠳᠡᠭᠡᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠪᠣᠯ ᠨᠠᠮ ᠤᠨ ᠪᠥᠬᠦ ᠲᠠᠯ᠎ᠠ ᠶᠢᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠲᠤᠭᠤᠷᠢᠭ ᠤᠨ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢᠶᠠᠨ ᠥᠷᠨᠢᠭᠦᠯᠬᠦ ᠶᠢ ᠴᠢᠬᠤᠯᠠᠴᠢᠯᠠᠨ ᠳᠡᠮᠵᠢᠵᠦ᠂ ᠤᠯᠤᠰ ᠲᠦᠷᠦ ᠶᠢᠨ ᠵᠥᠪᠯᠡᠯᠭᠡᠨ ᠤ ᠪᠠᠶᠢᠴᠠᠭᠠᠨ ᠰᠤᠳᠤᠯᠤᠯᠲᠠ ᠬᠢᠬᠦ᠂ ᠰᠢᠨᠵᠢᠯᠡᠨ ᠪᠠᠶᠢᠴᠠᠭᠠᠬᠤ᠂ ᠦᠨᠡᠯᠡᠬᠦ ᠵᠡᠷᠭᠡ ᠠᠵᠢᠯᠯᠠᠭ᠎ᠠ ᠥᠷᠨᠢᠭᠦᠯᠬᠦ ᠶᠢ ᠶᠡᠬᠡᠪᠡᠷ ᠳᠡᠮᠵᠢᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠯᠤᠰ ᠲᠦᠷᠦ ᠶᠢᠨ ᠪᠠᠶᠢᠷᠢ ᠰᠠᠭᠤᠷᠢ ᠲᠠᠢ᠂ ᠰᠠᠨᠠᠯ ᠵᠥᠪᠯᠡᠯᠭᠡ ᠳᠤᠷᠠᠳᠬᠤ ᠠᠵᠠ ᠲᠣᠬᠢᠶᠠᠯ ᠲᠠᠢ᠂ ᠬᠦᠴᠦᠨ ᠴᠢᠳᠠᠯ ᠢᠶᠠᠨ ᠭᠠᠷᠭᠠᠬᠤ ᠲᠠᠪᠴᠠᠩ ᠲᠠᠢ᠂ ᠠᠵᠢᠯ ᠳᠤ ᠪᠠᠨ ᠵᠢᠳᠬᠦᠯ ᠴᠢᠷᠮᠠᠶᠢᠯᠭ᠎ᠠ ᠭᠠᠷᠭᠠᠬᠤ ᠶᠢ ᠦᠨᠡᠨ ᠬᠦ ᠪᠠᠲᠤᠯᠠᠨ᠎ᠠ᠃    ᠴᠢᠨ ᠢᠦᠶ ᠬᠤᠤ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠠ᠃    ᠴᠢᠨ ᠢᠦᠢ ᠬᠤᠤ ᠮᠡᠳᠡᠭᠦᠯᠦᠯᠲᠡ ᠳᠡᠭᠡᠨ ᠵᠢᠭᠠᠵᠤ ᠭᠠᠷᠭᠠᠭᠰᠠᠨ ᠨᠢ᠂ 2024 ᠤᠨ ᠪᠣᠯ ᠰᠢᠨ᠎ᠡ ᠳᠤᠮᠳᠠᠳᠤ ᠤᠯᠤᠰ ᠪᠣᠯᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠃ ᠨᠢᠭᠡ ᠵᠢᠯ ᠤᠨ ᠲᠤᠷᠰᠢ᠂ ᠲᠤᠭᠤᠷᠢᠭ ᠤᠨ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠡᠳᠦᠷ ᠳᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠦᠬᠦ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠳᠤ ᠴᠢᠭᠯᠡᠯ ᠢ ᠡᠵᠡᠮᠳᠡᠵᠦ᠂ ᠲᠤᠭᠤᠷᠢᠭ ᠤᠨ ᠵᠠᠰᠠᠭ ᠤᠨ ᠣᠷᠳᠣᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠶᠡᠭᠡ ᠪᠠᠷ ᠳᠡᠮᠵᠢᠵᠦ᠂ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠡᠭᠦᠳᠴᠦ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠣᠯᠤᠨ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠬᠦᠴᠦᠲᠡᠢ ᠬᠥᠭᠵᠢᠭᠡᠪᠡ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠵᠥᠪᠳᠡᠯᠴᠡᠬᠦ ᠪᠠᠷ ᠬᠥᠭᠵᠢᠯᠲᠡ ᠶᠢ ᠠᠬᠢᠭᠤᠯᠵᠤ᠂ ᠪᠦᠯᠬᠦᠮᠳᠡᠯ ᠢᠶᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠦᠩᠱᠠᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠤᠪᠢ ᠨᠡᠮᠡᠷᠢ ᠦᠵᠡᠭᠦᠯᠪᠡ᠃ ᠨᠢᠭᠡ ᠳᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠪᠥᠬᠦ ᠲᠣᠭᠤᠷᠢᠭ ᠤᠨ ᠬᠥᠭᠵᠢᠯᠲᠡ ᠶᠢ ᠨᠠᠩ ᠪᠦᠲᠦᠮᠵᠢᠲᠡᠢ ᠪᠣᠯᠭᠠᠬᠤ ᠶᠢ ᠠᠬᠢᠭᠤᠯᠪᠠ᠃ ᠬᠤᠶᠠᠷ ᠲᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠪᠦᠯᠬᠦᠮᠳᠡᠭᠦᠯᠬᠦ ᠨᠢ ᠨᠡᠩ ᠦᠷ᠎ᠡ ᠪᠦᠲᠦᠮᠵᠢ ᠤᠯᠪᠠ᠃ ᠭᠤᠷᠪᠠ ᠳᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠩ ᠢᠯᠡᠭᠦᠦ ᠨᠡᠮᠡᠭᠳᠡᠭᠦᠯᠪᠡ᠃ ᠲᠦᠷᠪᠡ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠨᠡᠩ ᠬᠦᠴᠦᠲᠡᠢ ᠳᠡᠭᠡᠭᠰᠢᠯᠡᠭᠦᠯᠪᠡ᠃    ᠴᠢᠨ ᠢᠦᠶ ᠬᠤᠤ ᠴᠢᠬᠤᠯᠠᠴᠢᠯᠠᠭᠰᠠᠨ ᠨᠢ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠵᠢᠯ ᠮᠥᠨ᠂ ᠪᠠᠰᠠ ᠴᠤ ᠰᠦᠩᠱᠠᠨ ᠲᠣᠭᠤᠷᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢᠨ ᠡᠷᠡᠯᠬᠡᠭᠯᠡᠨ ᠤᠷᠤᠭᠰᠢᠯᠠᠬᠤ ᠵᠢᠯ ᠮᠥᠨ᠃ ᠰᠢᠨ᠎ᠡ ᠨᠢᠭᠡ ᠵᠢᠯ ᠳᠤ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠡᠩ ᠰᠠᠶᠢᠲᠤᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠦᠩᠱᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ ᠃ ᠨᠢᠭᠡ ᠳᠤ᠂ ᠤᠯᠤᠰ ᠲᠦᠷᠦ ᠶᠢᠨ ᠵᠢᠯᠣᠭᠤᠳᠤᠮᠵᠢ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠨᠡᠩ ᠰᠠᠶᠢᠲᠤᠷ ᠪᠠᠬᠢᠵᠢᠭᠦᠯᠦᠨ᠎ᠡ᠃ ᠬᠤᠶᠠᠷ ᠲᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠳᠤ ᠨᠡᠩ ᠰᠠᠶᠢᠨ ᠬᠦᠴᠦᠨ ᠨᠡᠮᠡᠷᠢᠯᠡᠨ᠎ᠡ᠃ ᠭᠤᠷᠪᠠ ᠳᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠪᠦᠯᠬᠦᠮᠳᠡᠨ ᠲᠡᠮᠡᠴᠡᠬᠦ ᠬᠦᠴᠦᠨ ᠢ ᠨᠡᠩ ᠰᠠᠶᠢᠲᠤᠷ ᠨᠢᠭᠲᠠᠷᠠᠭᠤᠯᠤᠨ᠎ᠠ᠃ ᠲᠦᠷᠪᠡ ᠳᠤ᠂ ᠲᠣᠭᠲᠠᠴᠠ ᠶᠢᠨ ᠪᠠᠶᠢᠭᠤᠯᠤᠯᠲᠠ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠨᠡᠩ ᠰᠠᠶᠢᠲᠤᠷ ᠠᠬᠢᠭᠤᠯᠤᠨ᠎ᠠ᠃ ᠲᠠᠪᠤ ᠳᠤ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠳᠡᠭᠡᠷ᠎ᠡ ᠲᠠᠬᠢᠨ ᠳᠡᠭᠡᠭᠰᠢᠯᠡᠭᠦᠯᠵᠦ᠂ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠪᠠᠨ ᠨᠡᠩ ᠰᠠᠶᠢᠲᠤᠷ  ᠴᠢᠩᠭᠠᠳᠬᠠᠨ᠎ᠠ᠃    ᠴᠢᠨ ᠢᠦᠶ ᠬᠤᠤ ᠬᠠᠮᠤᠭ ᠰᠡᠭᠦᠯ ᠳᠤ᠂ ︽ᠭᠡᠰᠢᠭᠦᠳ ᠡ᠂ ᠨᠥᠬᠦᠳ ᠡ᠂ ᠰᠡᠳᠬᠢᠯ ᠨᠢᠭᠡᠳᠦᠨ ᠲᠡᠮᠡᠴᠡᠵᠦ᠂ ᠬᠦᠴᠦ ᠪᠠᠨ ᠲᠥᠪᠯᠡᠷᠡᠭᠦᠯᠦᠨ ᠰᠢᠨ᠎ᠡ ᠠᠶᠠᠨ ᠢᠶᠠᠨ ᠡᠬᠢᠯᠡᠭᠦᠯᠦᠶ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠪᠦᠯᠬᠦᠮᠳᠡᠨ ᠨᠢᠭᠡᠳᠴᠦ᠂ ᠬᠠᠮᠲᠤᠪᠠᠷ ᠡᠷᠡᠯᠬᠡᠭᠯᠡᠨ ᠤᠷᠤᠭᠰᠢᠯᠠᠵᠤ᠂ ᠮᠠᠨ ᠤ ᠲᠤᠭᠤᠷᠢᠭ ᠤᠨ ᠡᠯ᠎ᠡ ᠵᠦᠢᠯ ᠤᠨ ᠠᠵᠢᠯ ᠢ ᠪᠦᠬᠦ ᠬᠤᠳᠠ ᠳᠤ ︿ᠬᠤᠰᠢᠭᠤᠴᠢ ᠪᠣᠯᠬᠤ﹀ ᠶᠢ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠪᠠᠰᠤ ᠵᠣᠬᠢᠬᠤ ᠬᠠᠷᠢᠭᠤᠴᠠᠯᠭ᠎ᠠ ᠪᠠ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠶ᠎ᠡ︕︾    ᠰᠦᠨ ᠶᠤᠸᠠᠢ ᠴᠢᠨ ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠢ ᠮᠡᠳᠡᠭᠦᠯᠪᠡ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢ᠂ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠪᠣᠯᠤᠨ ᠡᠯ᠎ᠡ ᠲᠤᠰᠬᠠᠢ ᠵᠥᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ ᠪᠣᠯᠤᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠡᠶᠢᠳᠡ 190 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ ᠪᠠᠶᠢᠴᠠᠭᠠᠬᠤ ᠪᠠᠷ ᠳᠠᠮᠵᠢᠨ 165 ᠬᠤᠪᠢ ᠶᠢ ᠨᠢ ᠬᠡᠷᠡᠭ ᠪᠣᠯᠭᠠᠨ ᠳᠠᠩᠰᠠᠯᠠᠪᠠ᠃ 2024 ᠣᠨ ᠤ 10 ᠰᠠᠷ᠎ᠠ ᠶᠢᠨ ᠰᠡᠭᠦᠯᠴᠢ ᠪᠣᠯᠲᠠᠯ᠎ᠠ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ ᠶᠢ ᠴᠥᠮ ᠰᠢᠢᠳᠪᠦᠷᠢᠯᠡᠨ ᠬᠠᠷᠢᠭᠤᠯᠲᠠ ᠥᠭᠪᠡ᠃    ᠯᠢᠦ ᠶᠠᠩ᠂ ᠴᠦ ᠹᠧᠩ ᠶᠠᠨ᠂ ᠡᡁᠦ᠋ᠸᠧ ᠯᠢᠶᠠᠨ ᠴᠧᠩ᠂ ᠢᠦᠢ ᠵᠢᠩ ᠺᠦᠨ᠂ ᠰᠦᠨ ᠮᠢᠩ ᠯᠸᠢ᠂ ᠫᠧᠩ ᠰᠢᠨ᠂ ᠵᠤᠤ ᠶᠢᠨ ᠯᠸᠢ᠂ ᠾᠧᠦ ᠵᠢᠩ ᠵᠢᠦ ᠵᠡᠷᠭᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠲᠤᠰ ᠲᠤᠰ ᠶᠡᠭᠡ ᠬᠤᠷᠠᠯ ᠳᠡᠭᠡᠷ᠎ᠡ ᠦᠭᠡ ᠬᠡᠯᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号