1 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯᠳᠤᠭᠠᠨ ᠤᠯᠠᠭᠠᠨᠬᠠᠳᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃ | | | | | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠶᠠᠩ ᠮᠧᠩ᠂ ᠹᠦ᠋ ᠰᠢᠶᠤᠤ ᠯᠢᠨ᠂ ᠵᠦᠩ ᠴᠢᠩ ᠰᠦᠩ᠂ ᠯᠢ ᠵᠠᠨ ᠶᠦᠩ᠂ ᠰᠦᠨ ᠵᠧᠨ ᠬᠠᠢ᠂ ᠱᠢ | ᠵᠢᠶᠠᠨ ᠪᠢᠨ᠂ ᠯᠢ ᠭᠦᠸᠧ ᠯᠢᠨ᠂ ᠶᠣᠣ ᠰᠢᠤᠸᠠᠢ ᠮᠧᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ | ᠰᠠᠭᠠᠲᠠᠪᠠ᠃ | ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠶ ᠬᠤᠤ ᠵᠡᠷᠭᠡ | ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠤᠯᠠᠭᠠᠨᠬᠠᠳᠠ ᠬᠤᠳᠠ ᠶᠢᠨ ᠰᠦᠩᠱᠠᠨ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠨᠡᠶᠢᠳᠡ 256 ᠲᠦᠯᠦᠭᠡᠯᠡᠭᠴᠢ ᠪᠠᠶᠢᠵᠤ᠂ 230 ᠲᠦᠯᠦᠭᠡᠯᠡᠭᠴᠢ ᠲᠤᠰ | ᠤᠳᠠᠭᠠᠨ ᠤ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃ | ᠦᠳᠡ ᠶᠢᠨ ᠡᠮᠦᠨᠡᠬᠢ 9 ᠴᠠᠭ ᠲᠤ᠂ ᠹᠦ᠋ ᠰᠢᠶᠤᠤ ᠯᠢᠨ ᠤᠯᠠᠭᠠᠨᠬᠠᠳᠠ ᠬᠤᠳᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ | ᠬᠤᠷᠠᠯ ᠡᠬᠢᠯᠡᠭᠰᠡᠨ ᠢ ᠵᠠᠷᠯᠠᠪᠠ᠃ | ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠶᠡᠭᠡ | ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ | ᠵᠦᠩ ᠴᠢᠩ ᠰᠦᠩ ᠬᠡᠯᠡᠬᠦ ᠳᠡᠭᠡᠨ᠂ 2024 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠲᠣᠭᠤᠷᠢᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠦᠴᠦᠯᠡᠨ ᠰᠢᠪᠲᠤᠯᠤᠯᠲᠠ ᠬᠢᠬᠦ ᠪᠣᠭᠤᠮᠲᠠ ᠰᠢᠪᠲᠤᠯᠬᠤ ᠵᠢᠯ ᠮᠥᠨ᠃ ᠨᠢᠭᠡ | ᠵᠢᠯ ᠤᠨ ᠲᠤᠷᠰᠢ᠂ ᠨᠠᠷᠢᠨ ᠪᠤᠳᠤᠯᠢᠶᠠᠨᠲᠠᠶ ᠬᠤᠷᠸ᠎ᠠ ᠠᠵᠤ ᠠᠬᠤᠶ ᠶᠢᠨ ᠪᠠᠶᠢᠳᠠᠯ ᠪᠣᠯᠤᠨ ᠬᠦᠨᠳᠦ ᠨᠦᠰᠡᠷ | ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ | ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠲᠦᠷᠭᠡᠳᠬᠡᠨ | ᠬᠡᠷᠡᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ | ᠠᠵᠢᠯ ᠳᠤ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠪᠠ᠃ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ 336.1 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 14.7 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 68.2 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 115.7 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠪᠦᠬᠦ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 34812 ᠲᠥᠭᠦᠷᠢᠭ ᠲᠤ ᠬᠦᠷᠪᠡ | ᠃ ᠵᠦᠩ ᠴᠢᠩ ᠰᠦᠩ ᠵᠢᠷᠭᠤᠭᠠᠨ ᠲᠠᠯ᠎ᠠ ᠪᠠᠷ 2024 ᠣᠨ ᠤ ᠠᠵᠢᠯ ᠢᠶᠠᠨ ᠡᠷᠭᠢᠴᠡᠭᠦᠯᠪᠡ᠃ ᠠᠵᠠ ᠲᠣᠬᠢᠶᠠᠯ ᠢ | ᠪᠦᠬᠦ ᠬᠦᠴᠦᠨ ᠢᠶᠠᠷ ᠢᠶᠠᠨ ᠠᠮᠵᠢᠵᠤ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠰᠠᠶᠢᠵᠢᠷᠠᠪᠠ︔ | ᠬᠥᠭᠵᠢᠯᠲᠡ ᠶᠢᠨ ᠰᠠᠭᠤᠷᠢ ᠶᠢ ᠪᠠᠲᠤᠳᠬᠠᠵᠤ᠂ ᠠᠵᠤ ᠦᠢᠯᠡᠰ ᠤᠨ ᠲᠡᠰ ᠳᠡᠪᠰᠢᠨ ᠬᠤᠷᠳᠤᠴᠠ ᠪᠠᠨ ᠲᠦᠷᠭᠡᠳᠬᠡᠪᠡ | ︔ ᠦᠵᠡᠯ ᠰᠠᠨᠠᠭ᠎ᠠ ᠪᠠᠨ ᠦᠷᠭᠦᠯᠵᠢᠯᠡᠨ ᠴᠢᠯᠥᠭᠡᠯᠡᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ | ᠦᠭᠡᠢ ᠨᠡᠮᠡᠭᠳᠡᠭᠦᠯᠪᠡ︔ ᠰᠠᠭᠤᠷᠢ ᠳᠤᠲᠠᠭᠤᠳᠠᠯ ᠢ ᠲᠣᠭᠲᠠᠭᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ | ᠢᠯᠡᠳᠲᠡ ᠰᠠᠶᠢᠵᠢᠷᠠᠭᠤᠯᠪᠠ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢ ᠨᠡᠩ ᠳᠤᠯᠠᠭᠠᠴᠠᠭᠤᠯᠪᠠ︔ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ | ᠵᠦᠩ ᠴᠢᠩ ᠰᠦᠩ ᠵᠢᠭᠠᠵᠤ ᠭᠠᠷᠭᠠᠭᠰᠠᠨ ᠨᠢ᠂ 2025 ᠤᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ | ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠲᠡᠭᠦᠰᠴᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠰᠦᠪᠯᠡᠬᠦ ᠵᠢᠯ ᠮᠥᠨ᠂ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ | ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ | ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠬᠦᠴᠦᠯᠡᠨ ᠰᠠᠶᠢᠲᠤᠷ | ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ | ᠶᠢ ᠭᠦᠨᠵᠡᠭᠡᠢ ᠥᠷᠨᠢᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠬᠥᠳᠡᠯᠭᠡᠬᠦ ᠬᠦᠴᠦᠨ᠂ ᠭᠤᠷᠪᠠᠨ ᠠᠵᠤ | ᠦᠢᠯᠡᠰ ᠤᠨ ᠲᠤᠯᠭᠠᠭᠤᠷᠢᠯᠠᠬᠤ ᠬᠦᠴᠦᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢᠨ ᠬᠦᠳᠦᠯᠦᠨ | ᠳᠠᠭᠠᠭᠤᠯᠬᠤ ᠬᠦᠴᠦᠨ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠳᠠᠭᠠᠭᠠᠴᠠ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠪᠤᠳᠠᠲᠤ ᠬᠦᠴᠦᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠲᠣᠭᠤᠷᠢᠭ ᠤᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯᠯᠠᠬᠤ ᠶᠢ | ᠲᠡᠷᠢᠭᠦᠨ ᠳᠤ ᠲᠠᠯᠪᠢᠵᠤ᠂ ᠰᠦᠩᠱᠠᠨ ᠤ ᠠᠵᠤ ᠠᠬᠤᠢ ᠪᠣᠯᠣᠨ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | ᠡᠨᠡ ᠵᠢᠯ ᠪᠦᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ | ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ | ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5% ᠣᠷᠴᠢᠮ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 2% ᠣᠷᠴᠢᠮ ᠨᠡᠮᠡᠭᠳᠡᠭᠦᠯᠦᠨ᠂ ᠰᠠᠭᠤᠭᠠᠯᠢ ᠠᠷᠠᠳ ᠤᠨ ᠬᠥᠮᠦᠨ | ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ 5.7% ᠣᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠵᠦᠩ ᠴᠢᠩ ᠰᠦᠩ | ᠴᠢᠬᠤᠯᠠᠴᠢᠯᠠᠭᠰᠠᠨ ᠨᠢ ᠡᠨᠡ ᠵᠢᠯ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ᠨᠢᠭᠡ ᠳᠤ᠂ | ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠨᠡᠮᠡᠭᠳᠡᠯ ᠤᠨ ᠬᠥᠳᠡᠯᠭᠡᠬᠦ ᠬᠦᠴᠦᠨ ᠢ ᠬᠥᠭᠵᠢᠭᠡᠵᠦ᠂ | ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠳᠡᠭᠡᠷ᠎ᠡ ᠬᠦᠴᠦᠨ ᠢᠶᠠᠨ ᠲᠥᠪᠯᠡᠷᠡᠭᠦᠯᠵᠦ᠂ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ︔ ᠬᠤᠶᠠᠷ ᠲᠤ᠂ ᠠᠵᠤ ᠦᠢᠯᠡᠳᠪᠦᠷᠢ ᠶᠢᠨ | ᠳᠠᠬᠢᠨ ᠢᠶᠠᠷ ᠨᠡᠮᠡᠭᠳᠡᠭᠦᠯᠵᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠠᠵᠤ ᠠᠬᠤᠢ ᠶᠢᠨ | ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠥᠷᠭᠡᠳᠬᠡᠬᠦ ᠲᠠᠯ᠎ᠠ ᠪᠠᠷ ᠠᠵᠠ ᠲᠣᠬᠢᠶᠠᠯ ᠢ ᠠᠳᠬᠤᠵᠤ᠂ ᠰᠢᠨ᠎ᠡ ᠪᠠᠶᠢᠳᠠᠯ ᠢ | ᠡᠭᠦᠳᠦᠨ᠎ᠡ︔ ᠭᠤᠷᠪᠠ ᠳᠤ᠂ ᠤᠳᠤ ᠦᠶ᠎ᠡ ᠶᠢᠨ ᠬᠥᠳᠡᠭᠡ ᠠᠵᠤ ᠠᠬᠤᠢ ᠶᠢ ᠬᠥᠭᠵᠢᠭᠦᠯᠵᠦ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠯ᠎ᠠ ᠪᠠᠷ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠮᠦᠨ᠎ᠡ ᠨᠢ | ᠶᠠᠪᠤᠨ᠎ᠠ᠃ ᠲᠦᠷᠪᠡ ᠳᠤ᠂ ᠭᠤᠷᠪᠠᠨ ᠠᠵᠤ ᠦᠢᠯᠡᠰ ᠢ ᠠᠭᠤᠰᠤᠯᠴᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠳᠠ ᠶᠢᠨ ᠡᠵᠡᠩᠨᠡᠯᠲᠡ ᠶᠢᠨ ᠬᠡᠯᠪᠡᠷᠢ ᠶᠢ ᠴᠡᠴᠡᠭᠯᠡᠭᠦᠯᠦᠨ ᠬᠥᠭᠵᠢᠭᠦᠯᠵᠦ᠂ ᠬᠦᠴᠦᠷᠬᠡᠭ ᠶᠡᠭᠡ ᠠᠷᠠᠯᠵᠢᠶ᠎ᠠ | ᠬᠤᠳᠠᠯᠳᠤᠭᠠᠨ ᠤ ᠲᠠᠯ᠎ᠠ ᠪᠠᠷ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠳᠠᠯᠳᠠ ᠬᠦᠴᠦᠨ ᠢ ᠨᠡᠮᠡᠭᠳᠡᠭᠦᠯᠦᠨ᠎ᠡ︔ | ᠲᠠᠪᠤ ᠳᠤ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ | ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠬᠦ ᠲᠠᠯ᠎ᠠ ᠪᠠᠷ ᠪᠣᠳᠠᠲᠠᠢ | ᠠᠷᠭ᠎ᠠ ᠬᠡᠮᠵᠢᠶ᠎ᠡ ᠠᠪᠴᠤ᠂ ᠦᠯᠢᠭᠡᠷ ᠬᠡᠪ ᠡᠭᠦᠳᠦᠨ᠎ᠡ︔ ᠵᠢᠷᠭᠤᠭ᠎ᠠ ᠳᠤ᠂ ᠪᠣᠬᠢᠷᠲᠤᠯ ᠢ ᠵᠠᠰᠠᠬᠤ ᠶᠢ ᠴᠢᠩᠭᠠᠳᠬᠠᠵᠤ | ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ | ᠲᠠᠯ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠭᠵᠢᠷᠡᠯ ᠢ ᠨᠡᠪᠲᠡᠷᠡᠭᠦᠯᠦᠨ᠎ᠡ︔ ᠲᠤᠯᠤᠭ᠎ᠠ ᠳᠤ᠂ ᠤᠯᠠᠨ | ᠲᠦᠮᠡᠨ ᠤ ᠬᠦᠰᠡᠯ ᠡᠷᠡᠮᠡᠯᠵᠡᠯ ᠢ ᠲᠤᠪᠤᠶᠢᠯᠭᠠᠵᠦ᠂ ᠦᠢᠯᠡᠴᠢᠯᠡᠭᠡᠨ ᠤ ᠬᠠᠩᠭᠠᠯᠭ᠎ᠠ ᠶᠢ ᠲᠡᠭᠦᠯᠳᠡᠷᠵᠢᠭᠦᠯᠵᠦ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠬᠦᠴᠦ ᠲᠠᠯᠪᠢᠨ᠎ᠠ︔ ᠨᠠᠢᠮᠠ ᠳᠤ᠂ | ᠬᠥᠭᠵᠢᠯᠲᠡ ᠶᠢᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠭᠡᠮ ᠰᠣᠭᠤᠭ ᠢ ᠪᠠᠶᠢᠴᠠᠭᠠᠨ ᠠᠷᠢᠯᠭᠠᠵᠤ᠂ | ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ ᠪᠣᠳᠠᠲᠠᠢ ᠶᠢ | ᠡᠷᠬᠢᠮᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠎ᠡ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠵᠦᠩ | ᠴᠢᠩ ᠰᠦᠩ ᠴᠢᠬᠤᠯᠠᠴᠢᠯᠠᠭᠰᠠᠨ ᠨᠢ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠪᠣᠳᠠᠲᠠᠢ | ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ | ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠨ᠎ᠠ᠃ | ᠵᠦᠩ ᠴᠢᠩ ᠰᠦᠩ ᠬᠠᠮᠤᠭ ᠤᠨ ᠰᠡᠭᠦᠯ ᠳᠤ ᠬᠡᠯᠡᠭᠰᠡᠨ ᠨᠢ᠄ ︽ᠲᠥᠯᠥᠭᠡᠯᠡᠭᠴᠢᠳ ᠡ︕ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠭᠦᠷᠢᠳᠡ | ᠰᠢᠨᠲᠠᠷᠠᠰᠢ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ | ᠳᠦᠷᠰᠦ ᠪᠠᠶᠢᠳᠠᠯ ᠢ ᠢᠮᠠᠭᠲᠠ ᠪᠠᠷᠢᠮᠲᠠᠯᠠᠵᠤ᠂ ᠪᠠᠶᠢᠳᠠᠯ ᠢ ᠠᠮᠵᠢᠨ ᠲᠦᠷᠭᠡᠨ ᠤᠷᠤᠭᠰᠢᠯᠠᠵᠤ᠂ ᠬᠦᠴᠢᠷ ᠢ ᠰᠦᠷᠦᠨ | ᠲᠡᠮᠡᠴᠡᠨ ᠤᠷᠤᠭᠰᠢᠯᠠᠵᠤ᠂ ᠬᠦᠴᠦ ᠪᠠᠨ ᠲᠥᠪᠯᠡᠷᠡᠭᠦᠯᠦᠨ ᠡᠷᠡᠯᠬᠡᠭᠯᠡᠨ ᠤᠷᠤᠭᠰᠢᠯᠠᠵᠤ᠂ ᠣᠳᠣᠬᠢᠴᠢᠯᠠᠭᠰᠠᠨ ᠰᠢᠨ᠎ᠡ | ᠰᠦᠩᠱᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕︾ | ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠴᠧᠨ ᠯᠢ ᠮᠢᠨ ᠰᠦᠩᠱᠠᠨ | ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ ᠰᠦᠩᠱᠠᠨ ᠲᠣᠭᠤᠷᠢᠭ ᠤᠨ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠸᠠᠩ ᠯᠢ ᠭᠦᠸᠧ ᠰᠦᠩᠱᠠᠨ ᠲᠣᠭᠤᠷᠢᠭ ᠤᠨ | ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃ | ᠬᠤᠷᠠᠯ ᠠᠴᠠ ᠰᠦᠩᠱᠠᠨ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ᠂ | ᠰᠦᠩᠱᠠᠨ ᠲᠣᠭᠤᠷᠢᠭ ᠤᠨ 2024 ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ | 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ᠃ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ ᠶᠢ ᠬᠢᠨᠠᠨ | ᠶᠠᠷᠢᠯᠴᠠᠵᠤ ᠪᠠᠲᠤᠯᠠᠪᠠ᠃ |