ᠵᠦᠩ ᠴᠢᠩ ᠰᠦᠩ 2025 ᠣᠨ ᠤ ᠲᠣᠭᠤᠷᠢᠭ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/7
    1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠥᠩ ᠴᠢᠩ ᠰᠥᠩ 2025 ᠣᠨ ᠤ ᠲᠣᠭᠤᠷᠢᠭ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠪᠦᠬᠦ ᠭᠡᠰᠢᠭᠦᠳ ᠤᠨ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠪᠠ ᠤᠯᠠᠭᠠᠨᠬᠠᠳᠠ ᠬᠤᠳᠠ ᠶᠢᠨ ᠪᠦᠬᠦ ᠭᠡᠰᠢᠭᠦᠳ ᠤᠨ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2024 ᠣᠨ ᠤ ᠪᠦᠬᠦ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ 2025 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ︽2025 ᠣᠨ ᠤ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠢᠨᠠᠭᠤᠯᠬᠤ ᠨᠤᠤᠷᠠᠭ︶︾᠂ ︽2024 ᠣᠨ ᠤ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ ︵ᠲᠥᠰᠦᠯ︶ ︵ᠬᠢᠨᠠᠭᠤᠯᠬᠤ ᠨᠤᠤᠷᠠᠭ︶︾  ᠪᠠ 2025 ᠣᠨ ᠤ ᠪᠥᠬᠦ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠵᠢᠴᠢ 2024 ᠣᠨ ᠤ ᠲᠣᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ 2025 ᠣᠨ ᠤ ᠰᠢᠨ᠎ᠡ ᠵᠢᠯ ᠤᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠦᠩᠱᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠤᠶᠠᠯᠳᠤᠯ ᠤᠨ ᠴᠡᠭ ᠪᠣᠯᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠲᠠᠨᠢᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠠᠵᠤ ᠦᠢᠯᠡᠰ ᠢ ᠬᠦᠴᠦᠷᠬᠡᠭᠵᠢᠭᠦᠯᠬᠦ᠂ ᠬᠤᠳᠠ ᠶᠢ ᠰᠠᠶᠢᠲᠤᠷ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ︽ᠠᠷᠪᠠᠨ ᠶᠡᠭᠡ ᠠᠵᠢᠯᠯᠠᠭ᠎ᠠ︾ ᠶᠢᠨ ᠰᠢᠪᠲᠤᠯᠤᠯᠲᠠ ᠶᠢᠨ ᠠᠬᠢᠴᠠ ᠲᠠᠢ ᠪᠣᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠦᠩᠱᠠᠨ ᠤ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠶᠡᠭᠡ ᠪᠠᠷ ᠬᠡᠷᠡᠭᠵᠢᠭᠦᠯᠵᠦ᠂ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠦᠬᠦ ᠲᠠᠯ᠎ᠠ ᠪᠠᠷ ᠵᠠᠳᠠᠯᠤᠨ ᠰᠤᠳᠤᠯᠵᠤ ᠮᠠᠭᠠᠳᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠣᠨᠴᠠᠯᠢᠭ ᠲᠤ ᠴᠢᠭᠯᠡᠭᠦᠯᠦᠨ᠂ ᠬᠤᠳᠠ ᠶᠢᠨ ᠬᠠᠮᠢᠶᠠᠷᠤᠯᠲᠠ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠦᠨᠡᠨ ᠬᠦ ᠰᠡᠷᠭᠡᠶᠢᠯᠡᠨ ᠬᠤᠷᠢᠭᠯᠠᠬᠤ ᠬᠡᠷᠡᠭᠲᠡᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ 2024 ᠣᠨ ᠤ ᠠᠵᠢᠯ ᠤᠨ ᠪᠠᠶᠢᠳᠠᠯ ᠢ ᠣᠨᠣᠪᠴᠢᠲᠠᠢ ᠲᠤᠰᠬᠠᠵᠤ᠂ 2025 ᠣᠨ ᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠨᠡᠶᠢᠴᠡᠵᠦ᠂ ᠡᠯ᠎ᠡ ᠵᠦᠢᠯ ᠤᠨ ᠲᠥᠯᠥᠪᠵᠢᠭᠦᠯᠭᠡ᠂ ᠠᠷᠭ᠎ᠠ ᠬᠡᠮᠵᠢᠶ᠎ᠡ ᠶᠢᠨ  ᠪᠠᠷᠠᠯᠠᠯᠲᠤ ᠴᠢᠨᠠᠷ ᠲᠠᠢ ᠪᠠᠶᠢᠬᠤ ᠪᠠᠷ ᠪᠠᠷᠠᠬᠤ ᠦᠭᠡᠢ ᠪᠠᠰᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠲᠤᠯᠠᠵᠤ᠂ ᠨᠡᠩ ᠣᠨᠣᠪᠴᠢᠲᠠᠢ᠂ ᠨᠡᠩ ᠪᠦᠬᠦ ᠲᠣᠭᠤᠷᠢᠭ ᠤᠨ ᠬᠥᠭᠵᠢᠯᠲᠡ ᠶᠢᠨ ᠪᠣᠳᠠᠲᠤ ᠪᠠᠶᠢᠳᠠᠯ ᠪᠠ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠢ᠃ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠨᠢᠭᠡ ᠪᠦᠯᠦᠭ ᠲᠦᠷᠦᠯ ᠵᠦᠢᠯ ᠢ ᠲᠠᠬᠢᠨ ᠬᠡᠷᠡᠭᠵᠢᠭᠦᠯᠵᠦ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠠᠷᠠᠳ ᠤᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃    ᠬᠤᠷᠠᠯ ᠠᠴᠠ ᠪᠠᠰᠠ 2025 ᠣᠨ ᠤ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠨᠥᠬᠦᠪᠥᠷᠢ ᠪᠠᠯᠠ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢᠨ ᠬᠡᠷᠡᠭᠯᠡᠬᠦ ᠲᠥᠯᠥᠪᠯᠡᠭᠡ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠶᠢᠨ ᠬᠠᠮᠢᠶ᠎ᠠ ᠪᠥᠬᠦᠶ ᠠᠭᠤᠯᠭ᠎ᠠ ᠶᠢ ᠰᠤᠷᠤᠯᠴᠠᠪᠠ᠃    ᠲᠣᠭᠤᠷᠢᠭ ᠤᠨ ᠳᠡᠳ᠋ ᠳᠠᠷᠤᠭ᠎ᠠ ᠵᠢᠶᠠᠩ ᠴᠠᠩ ᠾᠦᠢ᠂ ᠶᠠᠩ ᠸᠧᠨ ᠳ᠋ᠦᠩ᠂ ᠰᠢᠤᠢ ᠹᠸᠢ ᠶᠠᠨ᠂ ᠭᠦᠸᠧ ᠮᠢᠩ ᠷᠦᠢ᠂ ᠯᠢ ᠰᠢᠶᠠᠨ ᠹᠦ᠋᠂ ᠯᠢ ᡁᠢ ᠭᠦᠸᠧ ᠬᠤᠷᠠᠯ ᠳᠤ ᠣᠷᠣᠯᠴᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠦᠨ ᠵᠧᠨ ᠬᠠᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠸᠠᠨ ᠯᠢ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号