2 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠣᠮ ᠤᠨ ᠰᠠᠩ | ᠰᠦᠩᠱᠠᠨ ᠤ ᠸᠠᠨ ᠳ᠋ᠠ ᠠᠭᠤᠳᠠᠮ ᠲᠠᠯᠠᠪᠠᠢ ᠳᠤ ︽ᠠᠯᠲᠠᠨ ᠮᠣᠭᠠᠢ ᠵᠢᠯ ᠤᠨ ᠥᠯᠵᠡᠢᠲᠦ ᠡᠳᠦᠷ ᠤᠨ ᠪᠠᠶᠠᠷ ᠢ | ᠪᠡᠯᠭᠡᠯᠡᠬᠦ︾ ᠳ᠋ᠧᠩ ᠤᠨ ᠣᠨᠢᠰᠤᠭ᠎ᠠ ᠳᠠᠭᠠᠬᠤ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 2000 ᠭᠠᠷᠤᠶ ᠣᠨᠢᠰᠤᠭ᠎ᠠ ᠲᠣᠬᠢᠷᠠᠭᠤᠯᠵᠤ᠂ ᠠᠭᠤᠯᠭ᠎ᠠ ᠨᠢ | ᠭᠠᠵᠠᠷ ᠤᠨ ᠨᠡᠷᠡᠶᠢᠳᠦᠯ ᠲᠠᠭᠠᠬᠤ᠂ ᠬᠡᠪᠰᠢᠮᠡᠯ ᠦᠭᠡ ᠳᠠᠭᠠᠬᠤ᠂ ᠣᠨᠢᠰᠤᠭ᠎ᠠ ᠲᠠᠭᠠᠬᠤ᠂ ᠠᠮᠢᠲᠠᠨ ᠢ ᠳᠠᠭᠠᠬᠤ ᠵᠡᠷᠭᠡ | ᠣᠯᠠᠨ ᠲᠥᠷᠥᠯ ᠢ ᠬᠠᠮᠤᠷᠪᠠ᠃ ᠣᠨᠢᠰᠤᠭ᠎ᠠ ᠲᠠᠭᠠᠵᠤ ᠴᠢᠳᠠᠭᠰᠠᠨ ᠬᠤᠲᠠ ᠶᠢᠨ ᠠᠷᠠᠳ ᠨᠠᠷᠢᠯᠢᠭ ᠰᠠᠶᠢᠬᠠᠨ ᠵᠢᠵᠢᠭ | ᠪᠡᠯᠡᠭ ᠰᠣᠯᠢᠨ ᠴᠢᠷᠠᠢ ᠳᠤ ᠪᠠᠨ ᠭᠡᠷᠡᠯ ᠰᠠᠴᠤᠷᠠᠩᠭᠤᠢ ᠢᠨᠢᠶᠡᠮᠰᠦᠭᠯᠡᠯ ᠲᠤᠳᠤᠷᠠᠭᠤᠯᠤᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠳ᠋ᠧᠩ ᠤᠨ ᠣᠨᠢᠰᠤᠭ᠎ᠠ ᠲᠠᠭᠠᠬᠤ ᠠᠵᠢᠯᠯᠠᠭ᠎ᠠ ᠶᠢᠨ ᠭᠠᠵᠠᠷ ᠢ | ᠰᠦᠩᠱᠠᠨ ᠤ ᠸᠠᠨ ᠳ᠋ᠠ ᠠᠭᠤᠳᠠᠮ ᠲᠠᠯᠠᠪᠠᠶ ᠳᠤ ᠰᠤᠩᠭᠤᠭᠰᠠᠨ ᠨᠢ ᠰᠦᠩᠱᠠᠨ ᠲᠣᠭᠤᠷᠢᠭ ᠤᠨ ᠰᠣᠶᠣᠯ ᠵᠢᠭᠤᠯᠴᠢᠯᠠᠯ | ᠬᠤᠳᠠᠯᠳᠤᠭᠠᠨ ᠤ ᠠᠭᠤᠰᠤᠯᠴᠠᠯ ᠤᠨ ᠰᠢᠨ᠎ᠡ ᠵᠠᠭᠪᠤᠷ ᠲᠤ ᠠᠰᠢᠭᠲᠠᠶ ᠬᠠᠶᠢᠨ ᠰᠥᠪᠡᠭᠴᠢᠯᠡᠯᠲᠡ ᠬᠢᠵᠦ᠂ | ᠤᠯᠠᠮᠵᠢᠯᠠᠯᠲᠤ ᠰᠣᠶᠣᠯ ᠢ ᠬᠤᠳᠠᠯᠳᠤᠭᠠᠨ ᠤ ᠲᠣᠭᠤᠷᠢᠭ ᠲᠤ ᠠᠭᠤᠰᠬᠠᠨ᠂ ᠰᠣᠶᠣᠯ ᠤᠨ ᠬᠡᠷᠡᠭᠯᠡᠭᠡᠨ ᠤ ᠰᠢᠨ᠎ᠡ | ᠬᠠᠩᠭᠠᠯᠭ᠎ᠠ ᠶᠢ ᠨᠡᠮᠡᠭᠳᠡᠭᠦᠯᠵᠦ᠂ ᠰᠣᠶᠣᠯ ᠤᠨ ᠬᠡᠷᠡᠭᠯᠡᠭᠡᠨ ᠤ ᠰᠢᠨ᠎ᠡ ᠣᠷᠣᠨ ᠵᠠᠶ ᠶᠢ ᠥᠷᠭᠡᠳᠬᠡᠨ᠂ ᠬᠤᠲᠠ ᠶᠢᠨ | ᠠᠷᠠᠳ᠂ ᠵᠤᠭᠠᠴᠠᠭᠰᠠᠳ ᠤᠨ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ ᠰᠣᠶᠣᠯ ᠤᠨ ᠬᠡᠷᠡᠭᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠪᠠ᠃ |