ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2025/2/6
    2 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠢᠯᠠᠩ 2025 ᠣᠨ ᠤ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠡᠷᠭᠢᠯᠡᠪᠡ     ᠨᠣᠮ ᠤᠩᠰᠢᠬᠤ ᠬᠤᠷᠠᠯ ᠳᠡᠭᠡᠷ᠎ᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠵᠥᠪᠯᠡᠯ ᠤᠨ ᠳᠡᠳ᠋ ᠡᠷᠬᠢᠯᠡᠭᠴᠢ᠂ ᠣᠷᠣᠨ ᠪᠦᠰᠡ ᠶᠢᠨ ᠠᠵᠤ ᠠᠬᠤᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠵᠠᠩ ᠵᠢᠶᠠᠨ ᠫᠢᠩ ᠫᠷᠤᠹᠧᠰᠰᠤᠷ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠭᠤᠣᠯ ᠱᠤᠭᠤᠮ ᠪᠣᠯᠭᠠᠵᠤ᠂ ᠤᠯᠠᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠪᠡ᠃ ᠲᠡᠷᠡ ᠨᠠᠷᠢᠨ ᠪᠣᠳᠠᠲᠠᠢ ᠲᠤᠭ᠎ᠠ ᠪᠠᠷᠢᠮᠲᠠ ᠪᠣᠯᠤᠨ ᠠᠮᠢᠳᠤᠯᠢᠭ ᠬᠡᠷᠡᠭ ᠤᠨ ᠵᠢᠱᠢᠶ᠎ᠡ ᠶᠢ ᠬᠡᠷᠡᠭᠯᠡᠵᠦ᠂ ᠲᠦᠷᠪᠡᠨ ᠶᠡᠭᠡ ᠠᠵᠤ ᠠᠬᠤᠢ ᠶᠢᠨ ᠬᠠᠷᠠᠯᠲᠠ ᠶᠢᠨ ᠲᠤᠬᠢᠷᠠᠯᠴᠠᠭᠰᠠᠠ ᠣᠳᠣᠬᠢ ᠪᠠᠶᠢᠳᠠᠯ ᠪᠣᠯᠤᠨ ᠢᠷᠡᠭᠡᠳᠦᠢ ᠶᠢᠨ ᠬᠠᠨᠳᠤᠰᠢ ᠶᠢ ᠪᠦᠬᠦ ᠲᠠᠯ᠎ᠠ ᠪᠠᠷ ᠵᠠᠳᠠᠯᠤᠭᠰᠠᠨ ᠤ ᠬᠠᠮᠲᠤ ᠳᠣᠲᠣᠭᠠᠳᠤ ᠬᠡᠷᠡᠭᠴᠡᠭᠡ ᠶᠢ ᠬᠡᠷᠬᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠬᠦ ᠬᠦᠴᠦᠨ ᠪᠣᠯᠭᠠᠬᠤ ᠪᠠ ᠲᠣᠭᠲᠠᠭᠤᠨ ᠪᠠᠶᠢᠯᠭᠠᠬᠤ ᠵᠢᠴᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠬᠥᠭᠵᠢᠭᠦᠯᠬᠦ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ᠂ ᠰᠢᠨ᠎ᠡ ᠠᠵᠢᠯ ᠣᠯᠭᠤᠯᠲᠠ ᠶᠢ ᠬᠠᠩᠭᠠᠬᠤ ᠵᠡᠷᠭᠡ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃    ᠰᠦᠩᠱᠠᠨ ᠲᠣᠭᠤᠷᠢᠭ ᠤᠨ ᠪᠦᠬᠦ ᠭᠠᠵᠠᠷ ᠤᠨ ᠲᠡᠰ ᠤᠨ ᠤᠳᠤᠷᠢᠳᠤᠯᠭ᠎ᠠ ᠵᠢᠴᠢ ᠰᠢᠶᠠᠩ ᠪᠠᠯᠭᠠᠰᠤ ᠵᠡᠭᠡᠯᠢ ᠭᠤᠳᠤᠮᠵᠢ᠂ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠰ ᠤᠳᠠᠭᠠᠨ ᠤ ᠨᠣᠮ ᠤᠩᠰᠢᠬᠤ ᠬᠤᠷᠠᠯ ᠳᠤ ᠣᠷᠣᠯᠴᠠᠪᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠪᠠᠰᠠ ᠲᠤᠰᠬᠠᠢ ᠮᠡᠷᠭᠡᠵᠢᠯᠲᠡᠨ᠂ ᠡᠷᠳᠡᠮᠲᠡᠨ ᠢ ᠤᠷᠢᠵᠤ ᠰᠦᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠡᠳᠬᠢᠴᠡ ᠪᠣᠯᠤᠨ ᠠᠷᠭ᠎ᠠ ᠬᠡᠮᠵᠢᠶ᠎ᠡ᠂ ᠬᠥᠳᠡᠭᠡ ᠠᠵᠤ ᠠᠬᠤᠢ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠤᠶᠤᠨᠲᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠬᠢᠴᠢᠶᠡᠯ ᠣᠷᠣᠬᠤ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号