2 ᠰᠠᠷ᠎ᠠ ᠶᠢᠨ 4 ᠤ ᠡᠳᠦᠷ᠂ 2025 ᠣᠨ ᠤ ᠰᠦᠩᠱᠠᠨ ᠲᠣᠭᠤᠷᠢᠭ ᠤᠨ ᠴᠠᠭᠠᠨ ᠰᠠᠷ᠎ᠠ ᠶᠢᠨ ᠲᠣᠮᠣ | ᠬᠡᠯᠪᠡᠷᠢ ᠶᠢᠨ ᠠᠵᠢᠯᠴᠢᠨ ᠡᠯᠰᠡᠬᠦ ᠴᠤᠭᠯᠠᠭᠠᠨ ᠰᠦᠩᠱᠠᠨ ᠤ ᠸᠠᠨ ᠳ᠋ᠠ ᠠᠭᠤᠳᠠᠮ ᠲᠠᠯᠠᠪᠠᠢ ᠳᠤ ᠶᠠᠪᠤᠭᠳᠠᠪᠠ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ ᠰᠦᠯᠵᠢᠶᠡᠨ ᠭᠠᠳᠠᠨᠠᠬᠢ 110 ᠰᠢᠯᠢᠳᠡᠭ | ᠠᠵᠤ ᠠᠬᠤᠶᠢᠯᠠᠯ ᠤᠷᠤᠯᠴᠠᠵᠤ᠂ ᠨᠡᠶᠢᠲᠡ 3126 ᠰᠢᠯᠢᠳᠡᠭ ᠠᠵᠢᠯ ᠤᠨ ᠪᠠᠶᠢᠷᠢ ᠬᠠᠩᠭᠠᠪᠠ᠃ ᠠᠵᠢᠯᠲᠠᠨ ᠡᠯᠰᠡᠬᠦ | ᠴᠤᠭᠯᠠᠭᠠᠨ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ | ᠠᠯᠤᠰ ᠠᠴᠠ ᠠᠵᠢᠯ ᠡᠷᠢᠬᠦ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠴᠠᠭ ᠬᠤᠭᠤᠴᠠᠭ᠎ᠠ᠂ ᠣᠷᠣᠨ | ᠵᠠᠶ ᠶᠢᠨ ᠬᠢᠵᠠᠭᠠᠷᠯᠠᠯ ᠢ ᠡᠪᠳᠡᠵᠦ᠂ ᠠᠵᠢᠯ ᠣᠯᠬᠤ ᠳᠤ ᠬᠠᠮᠤᠭ ᠳᠦᠭᠦᠮ ᠦᠢᠯᠡᠴᠢᠯᠡᠭᠡ ᠶᠢ ᠦᠨᠡᠨ ᠬᠦ ᠬᠠᠩᠭᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠰᠦᠩᠱᠠᠨ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠦᠩᠱᠠᠨ ᠲᠣᠭᠤᠷᠢᠭ ᠤᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠭᠤᠤᠯᠯᠠᠨ ᠡᠷᠭᠢᠯᠡᠵᠦ᠂ ᠤᠯᠠᠭᠠᠨᠬᠠᠳᠠ ᠶᠢᠨ ᠵᠥᠩ ᠰᠢᠨ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ | ᠰᠦᠩᠱᠠᠨ ᠤ ᠸᠠᠨ ᠳ᠋ᠠ ᠠᠭᠤᠳᠠᠮ ᠲᠠᠯᠠᠪᠠᠶ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ | ᠬᠠᠮᠲᠤᠷᠠᠨ ᠳᠠᠭᠠᠭᠠᠴᠢᠯᠠᠨ ᠡᠷᠭᠢᠯᠡᠵᠦ᠂ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃ |