ᠤᠢᠢᠷ᠎ᠠ ᠶᠢᠨ ᠵᠢᠯ ᠠᠴᠠ᠂ ᠬᠠᠷᠠᠲᠣᠬᠤᠢ ᠪᠠᠯᠭᠠᠰᠤ ︽ᠨᠠᠮ ᠤᠨ ᠬᠤᠷᠢᠶ᠎ᠠ ᠬᠦᠳᠦᠯᠦᠨ ᠵᠢᠯᠣᠭᠤᠳᠬᠤ᠂ ᠪᠠᠯᠭᠠᠰᠤ | ᠲᠣᠰᠬᠤᠨ ᠢ ᠲᠠᠶᠢᠴᠢᠯᠠᠨ ᠬᠤᠯᠪᠣᠭᠠᠯᠠᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠲᠣᠰᠬᠤᠨ ᠢᠶᠠᠨ | ᠬᠥᠭᠵᠢᠭᠦᠯᠵᠦ ᠠᠷᠠᠳ ᠢᠶᠠᠨ ᠪᠠᠶᠠᠵᠢᠭᠤᠯᠬᠤ︾ ᠠᠵᠢᠯ ᠤᠨ ᠰᠡᠳᠬᠢᠴᠡ ᠶᠢᠨ ᠲᠣᠭᠤᠷᠢᠨ ᠳᠤ᠂ ︽ᠬᠤᠪᠢ | ᠬᠤᠷᠠᠮᠳᠤᠭᠤᠯᠬᠤ ᠲᠦᠷᠢᠮ︾ ᠤᠨ ᠦᠨᠳᠦᠰᠦᠨ ᠱᠠᠲᠤᠨ ᠤ ᠵᠠᠰᠠᠯᠲᠠ᠂ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠲᠣᠰᠬᠤᠨ ᠤ ᠱᠠᠲᠤᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠵᠡᠷᠭᠡ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠨᠳᠦᠰᠦᠨ ᠱᠠᠲᠤᠨ ᠤ | ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | ︽ᠬᠤᠪᠢ ᠬᠤᠷᠠᠮᠳᠤᠭᠤᠯᠬᠤ ᠳᠦᠷᠢᠮ︾ ᠤᠨ ᠦᠨᠳᠦᠰᠦᠨ ᠱᠠᠲᠤᠨ ᠤ ᠵᠠᠰᠠᠯᠲᠠ ᠠᠴᠠ ᠭᠠᠳᠠᠨ᠎ᠠ᠂ | ᠬᠠᠷᠠᠲᠣᠬᠤᠢ ᠪᠠᠯᠭᠠᠰᠤ ᠪᠠᠰᠠ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠵᠠᠰᠠᠵᠤ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠪᠡ᠃ | ᠡᠭᠦᠨ ᠤ ᠬᠠᠮᠲᠤ᠂ ᠬᠠᠷᠠᠲᠣᠬᠤᠢ ᠪᠠᠯᠭᠠᠰᠤ ︽ᠠᠶᠢᠯ ᠲᠣᠰᠬᠤᠨ ᠢ ᠴᠡᠪᠡᠷᠰᠢᠭᠦᠯᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠠᠷ ᠭᠤᠣᠯ ᠰᠡᠳᠦᠪ ᠪᠣᠯᠭᠠᠵᠤ᠂ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠪᠡ᠃ | ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠬᠦ᠂ ᠲᠣᠰᠬᠤᠨ ᠤ ᠳᠦᠷᠰᠦ ᠪᠠᠶᠢᠳᠠᠯ ᠢ | ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠪᠠᠯᠭᠠᠰᠤᠨ ᠤ ᠬᠥᠮᠦᠰ ᠤᠨ ᠣᠷᠣᠰᠢᠨ | ᠰᠠᠭᠤᠬᠤ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ ᠲᠣᠰ ᠪᠠᠯᠭᠠᠰᠤ ᠪᠠᠰᠠ ᠲᠣᠰᠬᠤᠨ ᠤ ᠠᠷᠠᠳ ᠤᠨ ᠭᠤᠤᠯ | ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠣᠰᠬᠤᠨ ᠤ ᠠᠷᠠᠳ ᠢ ᠬᠥᠲᠥᠯᠥᠨ | ᠵᠢᠯᠣᠭᠤᠳᠴᠤ ᠪᠠᠶᠢᠭᠠᠳ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠤᠬᠠᠮᠰᠠᠷ ᠠᠴᠠ ᠪᠠᠨ | ᠣᠷᠣᠯᠴᠠᠭᠤᠯᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ | ᠪᠣᠶ ᠪᠣᠯᠭᠠᠪᠠ᠃ | ᠬᠠᠷᠠᠲᠣᠬᠤᠢ ᠪᠠᠯᠭᠠᠰᠤ ᠪᠠᠰᠠ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ᠂ | ᠲᠣᠰᠬᠤᠨ ᠤ ᠱᠠᠲᠤᠨ ᠤ ᠭᠡᠷ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠡᠳ᠋ ᠤᠨ ᠶᠠᠪᠤᠳᠠᠯ ᠢ ᠢᠯᠡ ᠪᠣᠯᠭᠠᠬᠤ ᠶᠢ | ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠯᠠ ᠪᠠᠶᠢᠭ᠎ᠠ ᠶᠡᠭᠡ ᠬᠡᠮᠵᠢᠶᠡᠨ ᠤ ᠡᠬᠢ ᠪᠠᠶᠠᠯᠢᠭ | ᠡᠳ᠋ ᠬᠥᠷᠥᠩᠭᠡ ᠶᠢ ᠪᠦᠲᠦᠮᠵᠢᠲᠡᠶ ᠠᠮᠢᠯᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | ᠣᠲᠣ ᠪᠣᠯᠲᠠᠯ᠎ᠠ᠂ ᠪᠥᠬᠦ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠪᠦᠷᠢᠳᠬᠡᠨ ᠳᠠᠩᠰᠠᠯᠠᠭᠤᠯᠤᠭᠰᠠᠨ ᠲᠠᠷᠢᠶᠠᠨ | ᠭᠠᠵᠠᠷ 12000 ᠭᠠᠷᠤᠶ ᠮᠥ᠂ ᠡᠬᠢ ᠪᠠᠶᠠᠯᠢᠭ ᠤᠨ ᠡᠳ᠋ ᠬᠥᠷᠥᠩᠭᠡ ᠶᠢ10801.03 ᠮᠥ ᠠᠮᠢᠯᠠᠭᠤᠯᠵᠤ᠂ | ᠬᠠᠮᠲᠤ ᠶᠢᠨ ᠠᠵᠤ ᠠᠬᠤᠶ ᠠᠳᠠᠯᠢ ᠬᠤᠭᠤᠴᠠᠭᠠᠨ ᠤ ᠬᠢ ᠠᠴᠠ 130 ᠭᠠᠷᠤᠶ ᠲᠦᠮᠡᠨ ᠲᠥᠭᠦᠷᠢᠭ ᠨᠡᠮᠡᠭᠳᠡᠪᠡ᠃ |