ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/2/8
    2 ᠰᠠᠷ᠎ᠠ ᠶᠢᠨ 7 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠴᠠᠭᠠᠨ ᠰᠠᠷ᠎ᠠ ᠶᠢᠨ ᠨᠣᠮ ᠤᠩᠰᠢᠬᠤ ᠬᠤᠷᠠᠯ ᠢ ᠦᠷᠭᠦᠯᠵᠢᠯᠡᠨ ᠡᠷᠬᠢᠯᠡᠵᠦ᠂ ᠪᠦᠬᠦ ᠲᠣᠭᠤᠷᠢᠭ ᠤᠨ ᠭᠠᠵᠠᠷ ᠤᠨ ᠲᠡᠰ ᠤᠨ ᠤᠳᠤᠷᠢᠳᠤᠯᠭ᠎ᠠ ᠵᠢᠴᠢ ᠰᠢᠶᠠᠩ ᠪᠠᠯᠭᠠᠰᠤ ᠵᠡᠭᠡᠯᠢ ᠭᠤᠳᠤᠮᠵᠢ᠂ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠣᠮ ᠤᠩᠰᠢᠬᠤ ᠬᠤᠷᠠᠯ ᠳᠤ ᠣᠷᠣᠯᠴᠠᠪᠠ᠃    ᠦᠳᠡ ᠶᠢᠨ ᠡᠮᠦᠨ᠎ᠡ᠂ ᠱᠠᠨᠰᠢ ᠮᠤᠵᠢ ᠶᠢᠨ ᠵᠢᠭᠤᠯᠴᠢᠯᠠᠯ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠱᠦᠵᠢ᠂ ᠶᠡᠷᠦᠩᠬᠡᠶ ᠲᠥᠯᠥᠪᠵᠢᠭᠦᠯᠦᠭᠴᠢ ᠼᠦᠢ ᠨᠢᠩ ︽ᠰᠣᠶᠣᠯ ᠵᠢᠭᠤᠯᠴᠢᠯᠠᠯ ᠤᠨ ᠰᠢᠨ᠎ᠡ ᠬᠠᠨᠳᠤᠰᠢ ᠵᠢᠴᠢ ᠵᠢᠭᠤᠯᠴᠢᠯᠠᠯ ᠤᠨ ᠰᠡᠳᠬᠢᠬᠦᠢ ᠳᠣᠤᠷᠠᠬᠢ ᠬᠥᠳᠡᠭᠡ ᠲᠣᠰᠬᠤᠨ ᠤ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ︾ ᠭᠡᠬᠦ ᠰᠡᠳᠦᠪ ᠢᠶᠠᠷ ᠲᠠᠶᠢᠯᠤᠮᠵᠢ ᠬᠢᠪᠠ᠃ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠰᠤᠳᠠᠰᠤ ᠶᠢ ᠳᠠᠬᠢᠨ ᠮᠥᠷᠳᠡᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠠᠶᠢᠯᠪᠤᠷᠢᠯᠠᠭᠰᠠᠨ ᠪᠥᠭᠡᠳ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠬᠠᠨᠳᠤᠰᠢ ᠶᠢ ᠵᠠᠳᠠᠯᠪᠠ᠃ ᠼᠦᠢ ᠨᠢᠩ ᠰᠦᠩᠱᠠᠨ ᠲᠣᠭᠤᠷᠢᠭ ᠤᠨ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠶ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠰᠠᠨᠠᠭᠤᠯᠭ᠎ᠠ ᠳᠤᠷᠠᠳᠴᠠᠶ᠃    ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠶᠣᠣ ᠵᠢᠶᠠᠨ ᠮᠢᠩ ︽ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠪᠠᠷ ᠤᠶᠤᠨᠲᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ᠂ ᠠᠵᠤ ᠠᠬᠤᠶᠢᠯᠠᠯ ᠤᠨ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠬᠡᠷᠬᠢᠨ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠷ ᠭᠦᠨᠵᠡᠭᠡᠶ ᠨᠠᠷᠢᠯᠢᠭ ᠲᠠᠶᠢᠯᠤᠮᠵᠢ ᠬᠢᠪᠠ᠃    ᠬᠤᠶᠠᠷ ᠡᠳᠦᠷ ᠤᠨ ᠲᠥᠪᠯᠡᠷᠡᠩᠭᠦᠶ ᠰᠤᠷᠤᠯᠴᠠᠯᠭ᠎ᠠ ᠨᠢ ᠰᠦᠩᠱᠠᠨ ᠲᠣᠭᠤᠷᠢᠭ ᠤᠨ ᠥᠷᠭᠡᠨ ᠣᠯᠠᠨ ᠺᠠᠳ᠋ᠷᠴᠤᠳ ᠤᠨ ᠠᠵᠢᠯ ᠤᠨ ᠬᠠᠷᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠠᠵᠢᠯ ᠤᠨ ᠰᠡᠳᠬᠢᠴᠡ ᠶᠢ ᠲᠣᠳᠣᠷᠬᠠᠢ ᠪᠣᠯᠭᠠᠭᠰᠠᠨ ᠪᠠᠶᠢᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号