ᠮᠧᠩ ᠰᠢᠶᠤᠤ ᠪᠢᠩ ᠰᠦᠩᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/3/10
    3 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠮᠧᠩ ᠰᠢᠶᠤᠤ ᠪᠢᠩ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠪᠤᠯᠬᠤ ᠰᠦᠩᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠳᠠᠷᠤᠭ᠎ᠠ ᠵᠥᠩ ᠴᠢᠩ ᠰᠥᠩ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
E:\20210708蒙古文网站工作\蒙古文网站工作\赤峰市松山区人民政府文件翻译\2微信公众号\2025年\21孟晓冰到松山区调研\619843e15c810f6598359c9fbc8176b0.png   
    ᠮᠧᠩ ᠰᠢᠶᠤᠤ ᠪᠢᠩ ᠨᠠᠷ ᠤᠷᠢᠳ ᠬᠤᠵᠢᠳ ᠬᠡᠰᠡᠭ ᠬᠤᠲᠠ ᠶᠢᠨ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ᠂ ᠲᠦᠮᠡᠨ ᠮᠥ ᠣᠲᠣ ᠦᠶ᠎ᠡ ᠶᠢᠨ ᠣᠶᠤᠨᠴᠢ ᠨᠡᠭᠦᠷᠡᠰᠦᠲᠥ᠋ᠷᠥᠭᠴᠢ ᠥᠬᠡᠶ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ᠂ ᠯᠢᠶᠠᠨ ᠰᠢᠶᠠᠩ ᠪᠦᠯᠦᠭᠯᠡᠯ ᠤᠨ ᠪᠤᠳᠤᠬᠤ ᠬᠦᠴᠦᠨ ᠤ ᠵᠢᠵᠢᠭ ᠪᠠᠯᠭᠠᠰᠤ᠂ ᠵᠢᠩ ᠳ᠋ᠦᠩ ᠬᠡᠷ ᠤᠨ ᠶᠠᠪᠤᠳᠠᠯ ᠤᠨ ᠪᠣᠯᠪᠠᠰᠤᠷᠠᠭᠤᠯᠤᠯ ᠠᠵᠢᠯ ᠣᠯᠭᠤᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠡᠰᠡᠭ ᠰᠤᠷᠭᠠᠭᠤᠯᠢ ᠪᠠ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠤᠲᠠ ᠳᠤ ᠬᠦᠷᠴᠦ᠂ ᠲᠥᠷᠥᠯ ᠵᠦᠢᠯ ᠤᠨ ᠠᠬᠢᠴᠠ᠂ ᠠᠵᠤ ᠦᠢᠯᠡᠰ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠴᠣᠭᠴᠠ ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠵᠥᠩ ᠴᠢᠩ ᠰᠥᠩ ᠰᠦᠩᠱᠠᠨ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠬᠠᠮᠢᠶ᠎ᠠ ᠪᠥᠬᠦᠶ ᠭᠤᠤᠯᠳᠠᠯᠭ᠎ᠠ ᠲᠠᠢ ᠠᠵᠢᠯ ᠢ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠨ ᠨᠥᠬᠦᠳ ᠰᠦᠩᠱᠠᠨ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ ᠲᠤᠰ ᠲᠤᠰ ᠰᠠᠨᠠᠯ ᠰᠠᠨᠠᠭᠤᠯᠭ᠎ᠠ ᠳᠤᠷᠠᠳᠪᠠ᠃    ᠮᠧᠩ ᠰᠢᠶᠤᠤ ᠪᠢᠩ ᠴᠢᠬᠤᠯᠠᠴᠢᠯᠠᠭᠰᠠᠨ ᠨᠢ᠂ ᠰᠦᠩᠱᠠᠨ ᠲᠣᠭᠤᠷᠢᠭ ᠴᠤᠭ ᠰᠦᠯᠳᠡ ᠪᠠᠨ ᠪᠠᠳᠠᠷᠠᠭᠤᠯᠵᠤ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠨ᠂ ᠠᠵᠤ ᠠᠬᠤᠶ ᠶᠢᠨ ᠨᠡᠮᠡᠭᠳᠡᠯ ᠤᠨ ᠳᠠᠯᠳᠠ ᠬᠦᠴᠦᠨ ᠢᠶᠠᠨ ᠭᠦᠨᠵᠡᠭᠡᠶ ᠠᠭᠤᠳᠠᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢᠶᠠᠨ ᠲᠦᠷᠭᠡᠳᠬᠡᠨ ᠪᠠᠳᠠᠷᠠᠭᠤᠯᠵᠤ ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ︽ᠰᠠᠶᠢᠨ ᠡᠬᠢᠯᠡᠯᠲᠡ︾ ᠶᠢ ᠲᠡᠮᠡᠴᠡᠨ ᠤᠯᠬᠤ ᠢᠲᠡᠭᠡᠯ ᠵᠣᠷᠢᠭ ᠢᠶᠠᠨ ᠪᠠᠲᠤᠳᠬᠠᠵᠤ᠂ ᠡᠯ᠎ᠡ ᠵᠦᠢᠯ ᠤᠨ ᠠᠵᠢᠯ ᠢᠶᠠᠨ ᠳᠠᠬᠢᠨ ᠲᠦᠷᠭᠡᠳᠬᠡᠵᠦ᠂ ᠳᠠᠬᠢᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠬᠦᠴᠦᠷᠬᠡᠭᠵᠢᠭᠦᠯᠵᠦ᠂ ᠠᠵᠤ ᠦᠢᠯᠡᠰ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠦᠬᠦ ᠲᠤᠭᠤᠷᠢᠭ ᠤᠨ ᠠᠵᠤ ᠠᠬᠤᠢ ᠶᠢᠨ ᠪᠣᠳᠠᠲᠤ ᠬᠦᠴᠦᠨ ᠪᠣᠯᠤᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠬᠠᠮᠢᠶᠠᠷᠤᠯᠲᠠ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠬᠤᠳᠠ ᠶᠢᠨ ᠴᠢᠳᠠᠪᠬᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠵᠣᠷᠢᠭ ᠰᠢᠭᠤᠳᠴᠤ᠂ ᠶᠡᠭᠡ ᠬᠦᠴᠦ ᠣᠷᠣᠭᠤᠯᠵᠤ ᠪᠠᠶᠢᠭᠠᠳ ︽ᠮᠤᠬᠤᠷ ᠵᠠᠮ︾ ᠢ ᠰᠢᠢᠳᠪᠦᠷᠢᠯᠡᠬᠦ᠂ ᠲᠡᠷᠭᠡ ᠵᠣᠭᠰᠣᠭᠠᠬᠤ ᠳᠤ ᠬᠦᠴᠢᠷ᠂ ᠲᠡᠷᠭᠡ ᠵᠣᠭᠰᠣᠭᠠᠬᠤ ᠳᠤ ᠡᠷᠦᠢ ᠬᠤᠷᠤᠢ ᠦᠭᠡᠢ᠂ ᠠᠳᠠᠯ ᠠᠬᠤᠢ ᠶᠢᠨ ᠬᠠᠮᠢᠶᠠᠷᠤᠯᠲᠠ ᠮᠠᠭᠤᠳᠠᠬᠤ᠂ ᠵᠠᠮ ᠡᠪᠳᠡᠭᠳᠡᠬᠦ ᠵᠡᠷᠭᠡ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠤᠨ ᠵᠣᠯ ᠵᠢᠷᠭᠠᠯ ᠤᠨ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ ᠪᠠ ᠪᠦᠲᠦᠭᠡᠯᠴᠢ ᠬᠦᠴᠦᠨ ᠢ ᠳᠠᠶᠢᠴᠢᠯᠠᠵᠤ᠂ ᠡᠯ᠎ᠡ ᠵᠦᠢᠯ ᠤᠨ ᠠᠵᠢᠯ ᠤᠨ ᠶᠡᠭᠡ ᠳᠡᠭᠡᠭᠰᠢᠯᠡᠯᠲᠡ ᠶᠢ ᠠᠬᠢᠭᠤᠯᠵᠤ᠂ ᠪᠦᠬᠦ ᠬᠤᠲᠠ ᠶᠢᠨ ᠬᠥᠭᠵᠢᠯᠲᠡ ᠳᠤ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号