ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/14
    3 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠰᠢᠤᠸᠠᠢ ᠴᠢᠨ ᠬᠤᠷᠠᠯ ᠢ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠩ ᠲᠢᠶᠠᠨ ᠴᠦᠨ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃
E:\20210708蒙古文网站工作\蒙古文网站工作\赤峰市松山区人民政府文件翻译\2微信公众号\2025年\26九届松山区委第九轮巡察工作动员部署会议召开\44256b084d9473baf530474328a21910.png   
    ᠬᠤᠷᠠᠯ ᠠᠴᠠ ︽ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ︾ ᠢ ᠰᠤᠷᠤᠯᠴᠠᠵᠤ᠂ ︽ᠶᠢᠰᠦᠳᠦᠭᠡᠷ ᠬᠤᠭᠤᠴᠠᠭᠠᠨ ᠤ ᠰᠦᠩᠱᠠᠨ ᠲᠣᠭᠤᠷᠢᠭ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ︾ ᠢ ᠤᠩᠰᠢᠨ ᠨᠡᠶᠢᠲᠡᠯᠡᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠵᠤ᠂ ᠪᠤᠰᠤᠳᠴᠢ ᠲᠥᠪ ᠭᠤᠣᠯᠴᠢ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠠᠰᠠᠭᠤᠳᠠᠯ ᠢ ᠤᠨᠢᠨ ᠳᠡᠭᠡᠷ᠎ᠡ ᠨᠢ ᠢᠯᠡᠷᠡᠭᠦᠯᠵᠦ᠂ ᠠᠰᠠᠭᠤᠳᠠᠯ ᠢ ᠪᠤᠰᠤᠳᠴᠢ ᠪᠠᠷ ᠵᠠᠳᠠᠯᠵᠤ᠂ ᠠᠰᠠᠭᠤᠳᠠᠯ ᠳᠤ ᠬᠠᠨᠳᠤᠵᠤ᠂ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ︔ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠯᠪᠣᠭᠠᠯᠠᠨ ᠬᠥᠳᠡᠯᠦᠯᠴᠡᠵᠦ ᠬᠢᠨᠠᠯᠲᠠ ᠲᠠᠯᠪᠢᠬᠤ ᠦᠢᠯᠡᠳᠦᠯ ᠢ ᠪᠣᠶ ᠪᠣᠯᠭᠠᠵᠤ᠂ ᠬᠢᠨᠠᠯᠲᠠ ᠲᠠᠯᠪᠢᠬᠤ ᠪᠠ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号