3 ᠰᠠᠷ᠎ᠠ ᠶᠢᠨ 10 ᠤ ᠡᠳᠦᠷ ᠠᠴᠠ 13 ᠤ ᠡᠳᠦᠷ ᠪᠣᠯᠲᠠᠯ᠎ᠠ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠥᠩᠬᠡᠳᠠᠯᠠᠢ ᠪᠠᠶᠢᠴᠠᠭᠠᠨ | ᠰᠤᠳᠤᠯᠬᠤ ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ᠢᠳᠡᠭᠡᠨ ᠤ ᠠᠮᠤᠷ ᠲᠦᠪᠰᠢᠨ ᠤ | ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠦ᠋ ᠰᠢᠶᠤᠤ ᠯᠢᠨ ᠵᠡᠷᠭᠡ | ᠤᠳᠤᠷᠢᠳᠤᠯᠭ᠎ᠠ ᠪᠠᠷ᠎ᠠ ᠪᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠡᠰᠡᠭ ᠢᠳᠡᠭᠡᠨ ᠪᠣᠯᠪᠠᠰᠤᠷᠠᠭᠤᠯᠬᠤ ᠦᠢᠯᠡᠳᠪᠦᠷᠢ᠂ | ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠬᠤᠭᠤᠯᠠᠨ ᠭᠡᠷ ᠵᠢᠴᠢ | ᠬᠤᠳᠠᠯᠳᠤᠭᠠᠨ ᠤ ᠲᠠᠯᠠᠪᠤᠷ᠂ ᠬᠡᠳᠦ ᠳᠡᠯᠭᠡᠭᠦᠷ ᠵᠡᠷᠭᠡ ᠲᠠᠯᠠᠪᠤᠷ ᠢᠶᠠᠷ ᠲᠣᠭᠤᠷᠢᠨ ᠦᠵᠡᠵᠦ᠂ ᠪᠦᠬᠦ ᠬᠡᠯᠬᠢᠶ᠎ᠡ ᠶᠢᠨ | ᠢᠳᠡᠭᠡᠨ ᠤ ᠠᠮᠤᠷ ᠲᠦᠪᠰᠢᠨ ᠤ ᠬᠦᠷᠢᠶᠡᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠢᠳᠡᠭᠡᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ᠂ ᠭᠦᠢᠯᠭᠡᠭᠡᠨ ᠤ ᠡᠯ᠎ᠡ ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ | ᠣᠯᠠᠨ ᠨᠡᠶᠢᠲᠡ ᠶᠢᠨ ᠬᠤᠭᠤᠯᠠᠨ ᠭᠡᠷ ᠢ ᠭᠤᠤᠯᠳᠠᠯᠭ᠎ᠠ ᠲᠠᠢ ᠠᠩᠬᠠᠷᠴᠤ᠂ ᠢᠳᠡᠭᠡᠨ ᠤ ᠮᠠᠲ᠋ᠧᠷᠢᠶᠠᠯ ᠬᠤᠳᠠᠯᠳᠤᠨ | ᠠᠪᠬᠤ ᠪᠣᠭᠤᠮᠲᠠ ᠶᠢ ᠴᠢᠩᠭ᠎ᠠ ᠡᠵᠡᠮᠳᠡᠵᠦ᠂ ᠡᠳ᠋ᠰᠢᠭᠦᠯᠬᠦ ᠬᠠᠮᠢᠶᠠᠷᠤᠯᠲᠠ ᠬᠢᠭᠡᠳ ᠶᠠᠩᠵᠤ ᠦᠯᠡᠳᠡᠭᠡᠬᠦ ᠪᠠᠶᠢᠴᠠᠭᠠᠨ | ᠬᠡᠮᠵᠢᠯᠲᠡ ᠶᠢ ᠴᠢᠩᠭᠠᠳᠬᠠᠵᠤ᠂ ᠬᠥᠮᠦᠨ ᠬᠠᠷ᠎ᠠ ᠨᠢᠭᠲᠠᠷᠠᠭᠰᠠᠨ ᠣᠷᠣᠨ ᠪᠦᠰᠡ ᠶᠢᠨ ᠢᠳᠡᠭᠡᠨ ᠤ ᠠᠮᠤᠷ | ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠢᠳᠡᠭᠡᠨ ᠤ ᠠᠶᠤᠯ ᠦᠭᠡᠶ ᠶᠢᠨ ᠤᠬᠠᠭᠤᠯᠭ᠎ᠠ ᠬᠥᠮᠦᠵᠢᠯ ᠢ ᠥᠷᠭᠡᠨ | ᠳᠡᠯᠭᠡᠷ ᠥᠷᠨᠢᠭᠦᠯᠵᠦ᠂ ᠣᠯᠠᠨ ᠵᠦᠢᠯ ᠤᠨ ᠠᠷᠭ᠎ᠠ ᠵᠠᠮ ᠪᠣᠯᠤᠨ ᠬᠡᠯᠪᠡᠷᠢ ᠪᠠᠷ ᠳᠠᠮᠵᠢᠭᠤᠯᠤᠨ ᠢᠳᠡᠭᠡᠨ ᠤ ᠠᠶᠤᠯ | ᠦᠭᠡᠶ ᠶᠢᠨ ᠮᠡᠳᠡᠯᠭᠡ ᠶᠢ ᠲᠦᠭᠡᠮᠡᠯᠵᠢᠭᠦᠯᠵᠦ᠂ ᠨᠡᠶᠢᠲᠡ ᠣᠯᠠᠨ ᠤ ᠢᠳᠡᠭᠡᠨ ᠤ ᠠᠶᠤᠯ ᠦᠭᠡᠶ ᠶᠢᠨ ᠦᠵᠡᠯ ᠤᠬᠠᠮᠰᠠᠷ | ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠢᠳᠡᠭᠡᠨ ᠤ ᠠᠮᠤᠷ ᠲᠦᠪᠰᠢᠨ ᠤ | ᠲᠤᠰᠬᠠᠢ ᠬᠢᠨᠠᠯᠲᠠ ᠲᠠᠯᠪᠢᠬᠤ ᠠᠵᠢᠯ ᠪᠣᠯ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠳᠤ ᠬᠦᠴᠦᠨ ᠨᠡᠮᠡᠷᠢᠯᠡᠬᠦ | ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ | ᠦᠢᠯᠡᠳᠦᠯᠭᠡᠵᠢᠭᠦᠯᠵᠦ᠂ ᠢᠳᠡᠭᠡᠨ ᠤ ᠠᠮᠤᠷ ᠲᠦᠪᠰᠢᠨ ᠤ ᠠᠵᠢᠯ ᠤᠨ ᠳᠤᠲᠠᠭᠤᠳᠠᠯ ᠪᠠᠭᠤᠷᠠᠢ ᠵᠦᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ |