3 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠶᠢᠰᠦᠳᠦᠭᠡᠷ ᠬᠤᠭᠤᠴᠠᠭᠠᠨ ᠤ ᠰᠦᠩᠱᠠᠨ | ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ | ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠂ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠤᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠰᠢᠤᠸᠠᠢ ᠴᠢᠨ ᠬᠤᠷᠠᠯ ᠢ ᠡᠷᠬᠢᠯᠡᠪᠡ᠃ ᠲᠣᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠵᠧᠩ ᠲᠢᠶᠠᠨ ᠴᠦᠨ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ | ᠬᠤᠷᠠᠯ ᠠᠴᠠ ︽ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ | ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ︾ ᠢ ᠰᠤᠷᠤᠯᠴᠠᠵᠤ᠂ ︽ᠶᠢᠰᠦᠳᠦᠭᠡᠷ ᠬᠤᠭᠤᠴᠠᠭᠠᠨ ᠤ | ᠰᠦᠩᠱᠠᠨ ᠲᠣᠭᠤᠷᠢᠭ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠡᠭᠦᠷᠭᠡ ᠶᠢᠨ | ᠠᠵᠢᠯ ᠤᠨ ᠬᠤᠪᠢᠶᠠᠷᠢᠯᠠᠯ ᠤᠨ ᠲᠣᠭᠲᠠᠭᠠᠯ︾ ᠢ ᠤᠩᠰᠢᠨ ᠨᠡᠶᠢᠲᠡᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠯᠤᠰ ᠲᠦᠷᠦ ᠶᠢᠨ | ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠵᠤ᠂ ᠪᠤᠰᠤᠳᠴᠢ ᠲᠥᠪ | ᠭᠤᠣᠯᠴᠢ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠣᠭᠤᠷᠢᠨ ᠪᠠᠶᠢᠴᠠᠭᠠᠬᠤ ᠶᠢ | ᠥᠷᠨᠢᠭᠦᠯᠵᠦ᠂ ᠠᠰᠠᠭᠤᠳᠠᠯ ᠢ ᠤᠨᠢᠨ ᠳᠡᠭᠡᠷ᠎ᠡ ᠨᠢ ᠢᠯᠡᠷᠡᠭᠦᠯᠵᠦ᠂ ᠠᠰᠠᠭᠤᠳᠠᠯ ᠢ ᠪᠤᠰᠤᠳᠴᠢ ᠪᠠᠷ ᠵᠠᠳᠠᠯᠵᠤ᠂ | ᠠᠰᠠᠭᠤᠳᠠᠯ ᠳᠤ ᠬᠠᠨᠳᠤᠵᠤ᠂ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ︔ ᠲᠣᠭᠤᠷᠢᠨ | ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ | ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ | ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠬᠤᠯᠪᠣᠭᠠᠯᠠᠨ ᠬᠥᠳᠡᠯᠦᠯᠴᠡᠵᠦ ᠬᠢᠨᠠᠯᠲᠠ ᠲᠠᠯᠪᠢᠬᠤ ᠦᠢᠯᠡᠳᠦᠯ ᠢ ᠪᠣᠶ ᠪᠣᠯᠭᠠᠵᠤ᠂ ᠬᠢᠨᠠᠯᠲᠠ ᠲᠠᠯᠪᠢᠬᠤ ᠪᠠ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃ |