3 ᠰᠠᠷ᠎ᠠ ᠶᠢᠨ18 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠢᠦᠢ ᠯᠦᠩ ᠵᠡᠭᠡᠯᠢ ᠭᠤᠳᠤᠮᠵᠢ ᠶᠢᠨ ᠬᠢᠨ | ᠬᠠᠮᠲᠤ ᠪᠠᠷ ︽ᠦᠶ᠎ᠡ ᠶᠢᠨ ᠦᠶ᠎ᠡ ᠳᠤ ᠪᠦᠯᠬᠦᠮᠳᠡᠬᠦ ᠶᠢ ᠴᠢᠩᠭᠠᠳᠬᠠᠵᠤ ᠥᠨᠢ ᠤᠳᠠᠭᠠᠨ ᠤ ᠪᠤᠶᠠᠨ ᠵᠢᠷᠭᠠᠯ ᠢ | ᠪᠡᠶᠡᠯᠡᠭᠦᠯᠦᠶ᠎ᠡ︾ ᠭᠡᠬᠦ ᠭᠤᠣᠯ ᠰᠡᠳᠦᠪᠲᠦ 2025 ᠣᠨ ᠤ ᠨᠡᠶᠢᠭᠡᠮ ᠤᠨ ᠠᠵᠢᠯ ᠤᠨ ᠤᠬᠠᠭᠤᠯᠭ᠎ᠠ ᠶᠢᠨ | ᠭᠠᠷᠠᠭ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠢᠴᠢ ᠢᠦᠢ ᠯᠦᠩ ᠵᠡᠭᠡᠯᠢ ᠭᠤᠳᠤᠮᠵᠢ ᠶᠢᠨ ︽ᠨᠢᠭᠡ | ᠮᠦᠴᠡᠳ︾ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠬᠤᠳᠠ ᠶᠢᠨ ᠴᠤᠭᠯᠠᠷᠠᠯ ᠤᠨ ᠠᠵᠢᠯᠯᠠᠭ᠎ᠠ ᠶᠢ | ᠡᠷᠬᠢᠯᠡᠪᠡ᠃ | ᠠᠵᠢᠯᠯᠠᠭ᠎ᠠ ᠶᠢᠨ ᠶᠠᠪᠤᠴᠠ ᠳᠤ᠂ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠤᠨ ᠠᠵᠢᠯ ᠢ ᠳᠡᠮᠵᠢᠬᠦ ᠶᠢᠨ ᠲᠥᠯᠥᠭᠡ ᠭᠠᠷᠮᠠᠭᠠᠶ ᠲᠥᠯᠥᠭᠡᠯᠡᠭᠴᠢ ᠵᠢᠴᠢ ᠬᠠᠮᠲᠤᠷᠠᠯᠴᠠᠭᠠᠨ ᠤ ᠬᠠᠨᠢᠲᠠᠨ ᠢ | ᠬᠥᠬᠢᠭᠦᠯᠦᠨ ᠰᠠᠶᠢᠰᠢᠶᠠᠬᠤ ᠶᠢᠨ ᠬᠠᠮᠲᠤ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠬᠠᠭᠤᠳᠠᠰᠤ | ᠲᠠᠷᠬᠠᠭᠠᠬᠤ᠂ ᠡᠯᠭᠦᠭᠡ ᠪᠢᠴᠢᠭᠡᠰᠦ ᠡᠯᠭᠦᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠤᠬᠠᠶ ᠶᠢᠨ ᠲᠠᠯᠠᠪᠤᠷ ᠤᠨ | ᠰᠠᠭᠤᠭᠠᠯᠢ ᠠᠷᠠᠳ ᠲᠤ ᠶᠠᠭᠤ ᠶᠢ ᠨᠡᠶᠢᠭᠡᠮ ᠤᠨ ᠠᠵᠢᠯ ᠤᠨ ᠥᠷᠲᠡᠭᠡ ᠭᠡᠬᠦ᠂ ᠨᠡᠶᠢᠭᠡᠮ ᠤᠨ ᠠᠵᠢᠯ ᠤᠨ | ᠥᠷᠲᠡᠭᠡ ᠶᠢᠨ ᠭᠤᠤᠯ ᠴᠢᠳᠠᠮᠵᠢ᠂ ︽ᠨᠢᠭᠡ ᠨᠠᠰᠤᠲᠠᠨ ᠨᠢᠭᠡ ᠨᠢᠯᠬ᠎ᠠ︾ ᠶᠢᠨ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠨᠡᠶᠢᠭᠡᠮ ᠤᠨ ᠠᠵᠢᠯ ᠪᠠ ︽ | ᠨᠢᠭᠡ ᠨᠠᠰᠤᠲᠠᠨ ᠨᠢᠭᠡ ᠨᠢᠯᠬ᠎ᠠ︾ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠮᠡᠳᠡᠷᠡᠮᠵᠢ ᠶᠢᠨ | ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ ᠲᠤᠬᠠᠶ ᠶᠢᠨ ᠲᠠᠯᠠᠪᠠᠶ ᠳᠤ ᠪᠠᠰᠠ ᠲᠠᠷᠢᠶᠠᠯᠠᠩ ᠲᠤᠰᠠᠯᠠᠬᠤ ᠠᠵᠤ | ᠠᠬᠤᠶ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠣᠭᠤᠷᠢᠭ ᠪᠠᠶᠢᠭᠤᠯᠵᠤ᠂ ᠬᠠᠷᠢᠶ᠎ᠠ ᠣᠷᠣᠨ ᠤ ᠰᠠᠭᠤᠭᠠᠯᠢ | ᠠᠷᠠᠳ ᠢ ︽ᠬᠡᠷ ᠤᠨ ᠡᠭᠦᠳᠡᠨ︾ ᠠᠴᠠ ᠲᠠᠸᠠᠷ ᠨᠢ ᠰᠠᠶᠢᠨ ᠦᠨ᠎ᠡ ᠨᠢ ᠲᠤᠬᠢᠷᠠᠮᠵᠢᠲᠠᠢ᠂ ᠴᠢᠨᠠᠷ ᠰᠠᠶᠢᠲᠠᠶ | ᠪᠣᠬᠢᠷᠲᠤᠯ ᠥᠬᠡᠶ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠴᠤ ᠳᠡᠶᠢᠯᠬᠦ | ᠪᠣᠯᠭᠠᠪᠠ᠃ ᠤᠷᠠᠨ ᠰᠠᠶᠢᠬᠠᠨ ᠤ ᠲᠣᠭᠯᠠᠯᠲᠠ ᠨᠢ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠨᠢ | ᠬᠦᠷᠭᠡᠵᠦ᠂ ᠭᠤᠶᠢᠳᠠ ᠰᠠᠶᠢᠬᠠᠨ ᠲᠣᠭᠯᠠᠯᠲᠠ ᠨᠢ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠤᠯᠪᠠ᠃ |