2025 ᠣᠨ ᠤ ᠨᠡᠶᠢᠭᠡᠮ ᠤᠨ ᠠᠵᠢᠯ ᠤᠨ ᠤᠬᠠᠭᠤᠯᠭ᠎ᠠ ᠶᠢᠨ ᠭᠠᠷᠠᠭ ᠤᠨ ᠦᠢᠯᠡᠴᠢᠯᠡᠭᠡᠨ ᠤ ᠰᠢᠨ᠎ᠡ ᠬᠠᠭᠤᠳᠠᠰᠤ ᠡᠬᠢᠯᠡᠪᠡ
ᠨᠡᠶᠢᠲᠡᠯᠡᠭᠰᠡᠨ ᠴᠠᠭ᠄
2025/3/21
    3 ᠰᠠᠷ᠎ᠠ ᠶᠢᠨ18 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠢᠦᠢ ᠯᠦᠩ ᠵᠡᠭᠡᠯᠢ ᠭᠤᠳᠤᠮᠵᠢ ᠶᠢᠨ ᠬᠢᠨ ᠬᠠᠮᠲᠤ ᠪᠠᠷ ︽ᠦᠶ᠎ᠡ ᠶᠢᠨ ᠦᠶ᠎ᠡ ᠳᠤ ᠪᠦᠯᠬᠦᠮᠳᠡᠬᠦ ᠶᠢ ᠴᠢᠩᠭᠠᠳᠬᠠᠵᠤ ᠥᠨᠢ ᠤᠳᠠᠭᠠᠨ ᠤ ᠪᠤᠶᠠᠨ ᠵᠢᠷᠭᠠᠯ ᠢ ᠪᠡᠶᠡᠯᠡᠭᠦᠯᠦᠶ᠎ᠡ︾ ᠭᠡᠬᠦ ᠭᠤᠣᠯ ᠰᠡᠳᠦᠪᠲᠦ 2025 ᠣᠨ ᠤ ᠨᠡᠶᠢᠭᠡᠮ ᠤᠨ ᠠᠵᠢᠯ ᠤᠨ ᠤᠬᠠᠭᠤᠯᠭ᠎ᠠ ᠶᠢᠨ ᠭᠠᠷᠠᠭ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠢᠴᠢ ᠢᠦᠢ ᠯᠦᠩ ᠵᠡᠭᠡᠯᠢ ᠭᠤᠳᠤᠮᠵᠢ ᠶᠢᠨ ︽ᠨᠢᠭᠡ ᠮᠦᠴᠡᠳ︾ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠬᠤᠳᠠ ᠶᠢᠨ ᠴᠤᠭᠯᠠᠷᠠᠯ ᠤᠨ ᠠᠵᠢᠯᠯᠠᠭ᠎ᠠ ᠶᠢ ᠡᠷᠬᠢᠯᠡᠪᠡ᠃    ᠠᠵᠢᠯᠯᠠᠭ᠎ᠠ ᠶᠢᠨ ᠶᠠᠪᠤᠴᠠ ᠳᠤ᠂ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠠᠵᠢᠯ ᠢ ᠳᠡᠮᠵᠢᠬᠦ ᠶᠢᠨ ᠲᠥᠯᠥᠭᠡ ᠭᠠᠷᠮᠠᠭᠠᠶ ᠲᠥᠯᠥᠭᠡᠯᠡᠭᠴᠢ ᠵᠢᠴᠢ ᠬᠠᠮᠲᠤᠷᠠᠯᠴᠠᠭᠠᠨ ᠤ ᠬᠠᠨᠢᠲᠠᠨ ᠢ ᠬᠥᠬᠢᠭᠦᠯᠦᠨ ᠰᠠᠶᠢᠰᠢᠶᠠᠬᠤ ᠶᠢᠨ ᠬᠠᠮᠲᠤ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠯᠭᠦᠭᠡ ᠪᠢᠴᠢᠭᠡᠰᠦ ᠡᠯᠭᠦᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠲᠤ ᠶᠠᠭᠤ ᠶᠢ ᠨᠡᠶᠢᠭᠡᠮ ᠤᠨ ᠠᠵᠢᠯ ᠤᠨ ᠥᠷᠲᠡᠭᠡ ᠭᠡᠬᠦ᠂ ᠨᠡᠶᠢᠭᠡᠮ ᠤᠨ ᠠᠵᠢᠯ ᠤᠨ ᠥᠷᠲᠡᠭᠡ ᠶᠢᠨ ᠭᠤᠤᠯ ᠴᠢᠳᠠᠮᠵᠢ᠂ ︽ᠨᠢᠭᠡ ᠨᠠᠰᠤᠲᠠᠨ ᠨᠢᠭᠡ ᠨᠢᠯᠬ᠎ᠠ︾ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠨᠡᠶᠢᠭᠡᠮ ᠤᠨ ᠠᠵᠢᠯ ᠪᠠ ︽ᠨᠢᠭᠡ ᠨᠠᠰᠤᠲᠠᠨ ᠨᠢᠭᠡ ᠨᠢᠯᠬ᠎ᠠ︾ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠮᠡᠳᠡᠷᠡᠮᠵᠢ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃ ᠲᠤᠬᠠᠶ ᠶᠢᠨ ᠲᠠᠯᠠᠪᠠᠶ ᠳᠤ ᠪᠠᠰᠠ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠣᠭᠤᠷᠢᠭ ᠪᠠᠶᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠢ ︽ᠬᠡᠷ ᠤᠨ ᠡᠭᠦᠳᠡᠨ︾ ᠠᠴᠠ ᠲᠠᠸᠠᠷ ᠨᠢ ᠰᠠᠶᠢᠨ ᠦᠨ᠎ᠡ ᠨᠢ ᠲᠤᠬᠢᠷᠠᠮᠵᠢᠲᠠᠢ᠂ ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠤᠳᠠᠯᠳᠤᠨ ᠠᠪᠴᠤ ᠳᠡᠶᠢᠯᠬᠦ ᠪᠣᠯᠭᠠᠪᠠ᠃ ᠤᠷᠠᠨ ᠰᠠᠶᠢᠬᠠᠨ ᠤ ᠲᠣᠭᠯᠠᠯᠲᠠ ᠨᠢ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠦ᠂ ᠭᠤᠶᠢᠳᠠ ᠰᠠᠶᠢᠬᠠᠨ ᠲᠣᠭᠯᠠᠯᠲᠠ ᠨᠢ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠤᠯᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号