3 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ 2025 ᠣᠨ ᠤ ᠬᠤᠶᠢᠴᠢ | ᠦᠶ᠎ᠡ ᠪᠠᠨ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ ᠤᠨ ᠡᠷᠬᠢᠯᠡᠭᠴᠢ ᠯᠢᠦ ᠰᠢᠤᠸᠠᠢ ᠴᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ 2024 ᠣᠨ ᠤ ᠪᠥᠬᠦ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ | ᠳ᠋ᠦᠩᠨᠡᠭᠰᠡᠨ ᠪᠥᠭᠡᠳ 2025 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠯᠢᠦ ᠰᠢᠤᠸᠠᠢ ᠴᠢᠨ ᠱᠠᠭᠠᠷᠳᠠᠭᠰᠠᠨ ᠨᠢ᠂ ᠪᠥᠬᠦ ᠲᠣᠭᠤᠷᠢᠭ ᠤᠨ ᠡᠯ᠎ᠡ ᠱᠠᠲᠤᠨ ᠤ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠪᠣᠯᠤᠨ ᠥᠷᠭᠡᠨ ᠣᠯᠠᠨ ︽ᠲᠠᠪᠤᠨ ᠠᠬᠠᠮᠠᠳ︾ ᠵᠥᠪ ᠴᠢᠭᠯᠡᠯ ᠢ ᠡᠵᠡᠮᠳᠡᠵᠦ᠂ | ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠦᠴᠦᠲᠡᠶ ᠠᠷᠭ᠎ᠠ | ᠬᠡᠮᠵᠢᠶ᠎ᠡ ᠪᠠᠷ ᠪᠥᠬᠦ ᠲᠣᠭᠤᠷᠢᠭ ᠤᠨ ᠥᠷᠭᠡᠨ ᠣᠯᠠᠨ ᠵᠠᠯᠠᠭᠤᠴᠤᠳ ᠪᠠᠭᠠᠴᠤᠳ ᠢ ᠰᠠᠶᠢᠲᠤᠷ ᠰᠤᠷᠭᠠᠵᠤ᠂ | ᠬᠥᠲᠥᠯᠦᠨ ᠵᠢᠯᠣᠭᠤᠳᠴᠤ᠂ ᠰᠠᠶᠢᠲᠤᠷ ᠬᠥᠮᠦᠵᠢᠭᠦᠯᠵᠦ᠂ ᠰᠠᠶᠢᠲᠤᠷ ᠦᠢᠯᠡᠴᠢᠯᠡᠬᠦ ᠬᠡᠷᠡᠭᠲᠡᠶ︔ ᠭᠤᠣᠯ ᠶᠡᠭᠡ | ᠲᠠᠯ᠎ᠠ ᠳᠤ ᠦᠢᠯᠡᠴᠢᠯᠡᠵᠦ᠂ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ᠂ ᠠᠵᠢᠯ ᠤᠨ ᠭᠠᠷᠳᠠᠬᠤ ᠴᠡᠭ᠂ | ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠶ ᠡᠷᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ | ᠪᠥᠬᠦ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ | ᠡᠭᠦᠳᠬᠦ ᠬᠡᠷᠡᠭᠲᠡᠶ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ | ᠬᠦᠴᠦᠨ ᠢ ᠨᠢᠭᠲᠠᠷᠠᠭᠤᠯᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠠᠮᠲᠤᠷᠠᠭᠰᠠᠨ ᠬᠤᠷᠠᠯ | ᠵᠡᠷᠭᠡ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ | ᠦᠷᠭᠦᠯᠵᠢᠯᠡᠨ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ |