ᠰᠥᠩ ᠴᠧᠩ ᠵᠡᠭᠡᠯᠢ ᠭᠤᠳᠤᠮᠵᠢ ᠶᠢᠨ ᠠᠷᠠᠳ ᠲᠤ ᠠᠰᠢᠭ ᠬᠦᠷᠲᠡᠭᠡᠬᠦ ᠬᠤᠭᠤᠯᠠᠨ ᠭᠡᠷ ᠠᠵᠢᠯ ᠡᠬᠢᠯᠡᠯ᠎ᠡ
ᠨᠡᠶᠢᠲᠡᠯᠡᠭᠰᠡᠨ ᠴᠠᠭ᠄
2025/4/10
    4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠰᠦᠩ ᠴᠧᠩ ᠵᠡᠭᠡᠯᠢ ᠭᠤᠳᠤᠮᠵᠢ ᠶᠢᠨ ᠬᠢᠨ ᠠᠷᠠᠳ ᠲᠤ ᠠᠰᠢᠭ ᠬᠦᠷᠲᠡᠭᠡᠬᠦ ᠬᠤᠭᠤᠯᠠᠨ ᠭᠡᠷ ᠤᠨ ᠠᠵᠢᠯ ᠡᠬᠢᠯᠡᠬᠦ ᠶᠣᠰᠣᠯᠠᠯ ᠶᠠᠪᠤᠭᠤᠯᠵᠤ᠂ ᠰᠦᠩᠱᠠᠨ ᠲᠣᠭᠤᠷᠢᠭ ᠤᠨ ᠳᠡᠳ᠋ ᠳᠠᠷᠤᠭ᠎ᠠ ᠰᠢᠤᠢ ᠹᠸᠢ ᠶᠠᠨ ᠶᠣᠰᠣᠯᠠᠯ ᠳᠤ ᠣᠷᠣᠯᠴᠠᠭᠰᠠᠨ ᠪᠥᠭᠡᠳ ᠫᠠᠶᠢᠰᠠ ᠰᠡᠬᠦᠪᠡ᠃    ᠣᠶᠢᠯᠠᠭᠠᠭᠰᠠᠨ ᠢᠶᠠᠷ᠂ ᠰᠥᠩ ᠴᠧᠩ ᠵᠡᠭᠡᠯᠢ ᠭᠤᠳᠤᠮᠵᠢ ᠶᠢᠨ ᠠᠷᠠᠳ ᠲᠤ ᠠᠰᠢᠭ ᠬᠦᠷᠲᠡᠭᠡᠬᠦ ᠬᠤᠭᠤᠯᠠᠨ ᠬᠡᠷ ᠨᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠤᠭᠰᠠᠨ ᠨᠠᠰᠤᠲᠠᠶᠢᠴᠤᠳ ᠤᠨ ᠬᠤᠭᠤᠯᠠ ᠲᠤᠰᠠᠯᠠᠬᠤ ᠥᠯᠢᠭᠡᠷ ᠳᠠᠭᠤᠷᠢᠶᠠᠯ ᠪᠣᠯᠤᠭᠰᠠᠨ ᠤ ᠬᠤᠪᠢ ᠳᠤ᠂ ︽ᠵᠠᠰᠠᠭ ᠤᠨ ᠣᠷᠳᠣᠨ ᠳᠡᠮᠵᠢᠵᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠵᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ︾ ᠡᠵᠡᠩᠨᠡᠯᠲᠡ ᠶᠢᠨ ᠵᠠᠭᠪᠤᠷ ᠢ ᠬᠡᠷᠡᠭᠯᠡᠵᠦ ᠂ ᠵᠤᠷᠢᠯᠭ᠎ᠠ ᠨᠢ ᠨᠠᠰᠤᠲᠠᠶᠢᠴᠤᠳ ᠲᠤ ᠨᠡᠩ ᠳᠥᠭᠦᠮ ᠳᠥᠲᠡ᠂ ᠦᠷᠭᠦᠯᠵᠢᠯᠡᠨ ᠬᠥᠭᠵᠢᠬᠦ ᠬᠤᠭᠤᠯᠠ ᠲᠤᠰᠠᠯᠠᠬᠤ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ ᠬᠤᠭᠤᠯᠠᠨ ᠬᠡᠷ ᠨᠢ ᠰᠦᠩ ᠴᠧᠩ ᠵᠡᠭᠡᠯᠢ ᠭᠤᠳᠤᠮᠵᠢ ᠶᠢᠨ ᠰᠢᠩ ᠭᠤᠸᠠᠩ ᠲᠢᠶᠠᠨ ᠳ᠋ᠢ ᠨᠡᠶᠢᠭᠡᠮ ᠲᠣᠭᠤᠷᠢᠭ ᠤᠨ ᠬᠤᠶᠢᠲᠤ ᠡᠭᠦᠳᠡᠨ ᠳᠤ ᠪᠠᠶᠢᠷᠢᠯᠠᠵᠤ᠂ ᠬᠤᠭᠤᠯᠠ ᠢᠳᠡᠬᠦ ᠲᠣᠭᠤᠷᠢᠭ ᠂ ᠰᠡᠯᠡᠭᠦᠴᠡᠯ ᠤᠨ ᠲᠣᠭᠤᠷᠢᠭ᠂ ᠤᠨᠴᠠᠯᠢᠬᠳᠤ ᠢᠳᠡᠭᠡᠨ ᠤ ᠦᠵᠡᠭᠦᠯᠭᠡ ᠶᠢᠨ ᠲᠣᠭᠤᠷᠢᠭ ᠭᠠᠷᠭᠠᠵᠤ᠂ ᠨᠠᠰᠤᠲᠠᠶᠢᠴᠤᠳ ᠲᠤ ᠲᠣᠬᠢᠷᠠᠬᠤ ᠰᠢᠷᠡᠭᠡ ᠰᠠᠨᠳᠠᠯᠢ ᠶᠢ ᠬᠡᠷᠡᠭᠯᠡᠵᠦ᠂ ᠨᠠᠰᠤᠲᠠᠶᠢᠴᠤᠳ ᠤᠨ ᠢᠳᠡᠭᠡᠨ ᠤᠮᠳᠠᠭᠠᠨ ᠤ ᠣᠨᠴᠠᠯᠢᠭ ᠪᠠ ᠡᠷᠡᠭᠦᠯ ᠮᠡᠨᠳᠦ ᠶᠢᠨ ᠬᠡᠷᠡᠭᠴᠡᠭᠡ ᠶᠢ ᠦᠨᠳᠦᠰᠦᠯᠡᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠪᠶᠤᠭ ᠲᠣᠭᠲᠠᠭᠠᠵᠤ᠂ ᠡᠷᠬᠢᠨ ᠲᠣᠭᠤᠷᠢᠨ ᠤ ᠨᠠᠰᠤᠲᠠᠶᠢᠴᠤᠳ ᠪᠠ ᠰᠠᠭᠤᠭᠠᠯᠢ ᠠᠷᠠᠳ ᠲᠤ ᠡᠷᠲᠡ᠂ ᠦᠳᠡ᠂ ᠣᠷᠣᠶ ᠶᠢᠨ ᠭᠤᠷᠪᠠᠨ ᠡᠷᠡᠨ ᠤ ᠬᠤᠭᠤᠯᠠ ᠵᠢᠴᠢ ᠬᠤᠭᠤᠯᠠ ᠬᠦᠷᠭᠡᠬᠦ ᠦᠢᠯᠡᠴᠢᠯᠡᠭᠡ ᠬᠠᠩᠭᠠᠵᠤ᠂ ᠡᠳᠦᠷ ᠪᠦᠷᠢ 100 ᠬᠥᠮᠦᠨ ᠤᠳᠠᠭ᠎ᠠ ᠠᠴᠠ ᠳᠡᠭᠡᠭᠰᠢ ᠦᠢᠯᠡᠴᠢᠯᠡᠵᠦ᠂ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠬᠤᠭᠤᠯᠠ ᠢᠳᠡᠬᠦ ᠳᠤ ᠲᠥᠷᠥᠯ ᠬᠤᠪᠢᠶᠠᠭᠰᠠᠨ ᠨᠥᠬᠦᠪᠥᠷᠢ ᠶᠢᠨ ᠬᠠᠷᠠᠭᠠᠯᠵᠠᠯ ᠦᠵᠡᠭᠦᠯᠵᠦ ᠪᠣᠯᠤᠨ᠎ᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号