4 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠶᠢᠨ ᠰᠦᠩᠱᠠᠨ ᠤ ᠬᠥᠳᠡᠭᠡ | ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠮᠠᠯᠵᠢᠬᠤ | ᠲᠠᠷᠢᠶᠠᠯᠠᠬᠤ ᠡᠷᠦᠬᠡ ᠶᠢᠨ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠤᠨ ᠲᠠᠶᠢᠴᠢᠯᠠᠯᠳᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠮᠠᠯ ᠠᠵᠤ ᠠᠬᠤᠢ ᠲᠠᠷᠢᠶᠠᠯᠠᠩ ᠤᠨ | ᠬᠥᠭᠵᠢᠯᠲᠡ ᠳᠠᠬᠢ ᠪᠡᠯᠡ ᠬᠤᠷᠠᠮᠳᠤᠭᠤᠯᠬᠤ ᠳᠤ ᠬᠦᠴᠢᠷ᠂ ᠠᠶᠤᠯ ᠲᠦᠭᠰᠢᠭᠦᠷᠢ ᠶᠡᠭᠡ᠂ ᠦᠢᠯᠡᠴᠢᠯᠡᠭᠡ ᠪᠠᠭᠤᠷᠠᠢ | ᠵᠡᠷᠭᠡ ᠡᠪᠡᠷᠰᠢᠶᠡᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠠᠯ᠎ᠠ ᠶᠢᠨ ᠬᠦᠴᠦᠨ ᠢ | ᠨᠢᠭᠲᠠᠷᠠᠭᠤᠯᠵᠤ᠂ ᠮᠥᠩᠭᠦᠨ ᠭᠦᠢᠯᠭᠡᠭᠡᠨ ᠤ ᠮᠠᠯ ᠠᠵᠤ ᠠᠬᠤᠢ ᠲᠠᠷᠢᠶᠠᠯᠠᠩ ᠳᠤ ᠦᠢᠯᠡᠴᠢᠯᠡᠬᠦ ᠰᠢᠨ᠎ᠡ ᠵᠠᠭᠪᠤᠷ᠂ | ᠰᠢᠨ᠎ᠡ ᠠᠷᠭ᠎ᠠ ᠵᠠᠮ ᠢ ᠬᠠᠮᠲᠤᠪᠠᠷ ᠬᠠᠶᠢᠨ ᠰᠦᠪᠡᠭᠴᠢᠯᠡᠪᠡ᠃ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠳᠠᠷᠤᠭ᠎ᠠ ᠵᠦᠩ ᠴᠢᠩ ᠰᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠲᠣᠭᠤᠷᠢᠭ ᠤᠨ ᠳᠡᠳ᠋ ᠳᠠᠷᠤᠭ᠎ᠠ ᠵᠤᠤ ᠱᠢ ᠴᠤᠤ ᠬᠤᠷᠠᠯ ᠢ ᠡᠷᠬᠢᠯᠡᠵᠦ᠂ ᠰᠦᠩᠱᠠᠨ ᠤ ᠰᠠᠯᠪᠤᠷᠢ ᠪᠠᠩᠬᠢ ᠶᠢᠨ ᠭᠤᠣᠯ | ᠬᠠᠷᠢᠭᠤᠴᠠᠯᠭᠠᠲᠠᠨ ᠰᠦ ᠰᠢᠶᠤᠤ ᠬᠤᠸᠠ ᠬᠤᠷᠠᠯ ᠳᠤ ᠤᠷᠤᠯᠴᠠᠪᠠ᠃ | ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠲᠠᠷᠢᠶᠠᠯᠠᠩ ᠮᠠᠯ ᠠᠵᠤ ᠠᠬᠤᠶ ᠪᠣᠯ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠮᠥᠨ᠂ ᠮᠠᠯᠵᠢᠬᠤ ᠲᠠᠷᠢᠶᠠᠯᠠᠬᠤ ᠡᠷᠦᠬᠡ ᠪᠣᠯ ᠲᠠᠷᠢᠶᠠᠯᠠᠩ ᠬᠥᠳᠡᠭᠡ | ᠲᠣᠰᠬᠤᠨ ᠤ ᠣᠳᠣᠬᠢᠴᠢᠯᠠᠯᠲᠠ ᠶᠢᠨ ᠭᠤᠤᠯ ᠴᠣᠭᠴᠠ ᠮᠥᠨ᠃ ᠣᠳᠣᠬᠠᠨ ᠳᠤ᠂ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠳᠤ ᠦᠢᠯᠡᠳᠪᠦᠷᠢᠯᠡᠯ ᠤᠨ ᠥᠪᠡᠷ ᠤᠨ ᠥᠷᠲᠡᠭ ᠳᠡᠭᠡᠭᠰᠢᠯᠡᠬᠦ᠂ ᠪᠠᠶᠢᠭᠠᠯᠢ ᠶᠢᠨ ᠭᠠᠮᠰᠢᠭ | ᠣᠯᠠᠨᠲᠠ ᠡᠭᠦᠰᠬᠦ᠂ ᠵᠠᠬ᠎ᠠ ᠳᠡᠯᠭᠡᠭᠦᠷ ᠤᠨ ᠬᠡᠯᠪᠡᠯᠵᠡᠯ ᠰᠢᠷᠦᠭᠦᠰᠬᠦ ᠵᠡᠷᠭᠡ ᠣᠯᠠᠨ ᠵᠦᠢᠯ ᠤᠨ | ᠥᠷᠢᠰᠥᠯᠳᠦᠭᠡᠨ ᠲᠤᠯᠭᠠᠷᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠨᠠᠷᠢᠯᠢᠭ ᠣᠨᠣᠴᠠᠲᠠᠶ ᠴᠢᠳᠠᠪᠤᠷᠢ ᠶᠢ | ᠪᠠᠴᠢᠮ ᠱᠠᠭᠠᠷᠳᠠᠵᠤ ᠪᠠᠶᠢᠨ᠎ᠠ᠃ ᠤᠯᠠᠭᠠᠨᠬᠠᠳᠠ ᠶᠢᠨ ᠰᠦᠩᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ | ᠳᠤ ᠦᠢᠯᠡᠴᠢᠯᠡᠬᠦ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠮᠥᠩᠭᠦᠨ ᠭᠦᠢᠯᠭᠡᠭᠡᠨ ᠤ ︽ᠠᠮᠢᠳᠤᠯᠢᠭ ᠤᠰᠤ︾ | ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠦᠨᠡᠨ ᠬᠦ ᠬᠦᠴᠦᠨ ᠨᠡᠮᠡᠷᠢᠯᠡᠬᠦ ᠬᠡᠷᠡᠭᠲᠡᠶ᠃ | ᠵᠦᠩ ᠴᠢᠩ ᠰᠦᠩ ᠴᠢᠬᠤᠯᠠᠴᠢᠯᠠᠭᠰᠠᠨ ᠨᠢ᠂ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠬᠢᠨ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠩᠱᠠᠨ ᠲᠣᠭᠤᠷᠢᠭ ᠤᠨ ᠲᠦᠬᠦᠭᠡᠷᠦᠮᠵᠢᠲᠦ | ᠲᠠᠷᠢᠶᠠᠯᠠᠩ᠂ ᠡᠯᠳᠡᠪ ᠠᠮᠤ᠂ ᠦᠷ᠎ᠡ ᠶᠢᠨ ᠦᠢᠯᠡᠰ᠂ ᠤᠮᠠᠷᠠᠲᠤ ᠶᠢᠨ ᠬᠤᠷᠣᠬᠠᠢ ᠡᠪᠡᠰᠦ ᠵᠡᠷᠭᠡ ᠠᠵᠤ ᠦᠢᠯᠡᠰ ᠤᠨ | ᠲᠣᠭᠤᠷᠢᠨ ᠳᠤ᠂ ᠲᠦᠷᠦ ᠶᠢᠨ ᠪᠤᠳᠤᠯᠭ᠎ᠠ ᠶᠢᠨ ᠬᠡᠯᠪᠠᠶᠢᠯᠲᠡ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ | ᠡᠷᠦᠬᠡ ᠶᠢᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠵᠤ᠂ ᠦᠢᠯᠡᠴᠢᠯᠡᠭᠡᠨ ᠤ ᠵᠠᠭᠪᠤᠷ ᠤᠨ | ᠰᠢᠨ᠎ᠡ ᠶᠢ ᠡᠭᠦᠳᠴᠦ᠂ ︽ᠬᠦᠦ ᠮᠥᠩᠭᠦ ᠶᠢ ᠠᠳᠠᠯᠢᠳᠬᠠᠬᠤ ᠦᠭᠡᠢ ᠦᠢᠯᠡᠴᠢᠯᠡᠭᠡ ᠶᠢ ᠠᠳᠠᠯᠢᠳᠬᠠᠬᠤ︾ ᠪᠠᠷ | ᠣᠶᠢᠯᠠᠭᠠᠭᠳᠠᠬᠤᠨ ᠪᠣᠯᠭᠠᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠬᠤ ᠬᠡᠷᠡᠭᠲᠡᠢ᠃ | ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠢᠶᠠᠩ ᠪᠠᠯᠭᠠᠰᠤ ᠰᠠᠨᠠᠭᠠᠴᠢᠯᠠᠭ᠎ᠠ ᠠᠴᠠ ᠪᠠᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠲᠠᠢ ᠵᠣᠯᠭᠠᠭᠤᠯᠵᠤ᠂ ᠲᠣᠰ ᠪᠡᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠣᠨᠴᠠᠯᠢᠭ ᠲᠠᠭᠠᠨ ᠰᠠᠭᠤᠷᠢᠯᠠᠨ᠂ ᠵᠦᠷᠢᠶᠡᠴᠢᠯᠡᠭᠰᠡᠨ ᠲᠥᠰᠦᠯ ᠢ ᠬᠠᠮᠲᠤ ᠪᠠᠷ ᠲᠣᠭᠲᠠᠭᠠᠬᠤ ᠬᠡᠷᠡᠭᠲᠡᠶ︔ ᠲᠠᠷᠢᠶᠠᠯᠠᠩ | ᠬᠤᠳᠠᠯᠳᠤᠭᠠᠨ ᠤ ᠪᠠᠩᠬᠢ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠲᠣᠰᠬᠤᠨ ᠳᠤ ᠰᠠᠭᠤᠬᠤ | ᠲᠦᠷᠢᠮ ᠢ ᠬᠡᠷᠡᠭᠵᠢᠭᠦᠯᠵᠦ᠂ ᠦᠢᠯᠡᠴᠢᠯᠡᠭᠡ ᠶᠢ ᠲᠠᠰᠤᠷᠠᠯᠳᠠ ᠦᠭᠡᠢ ᠬᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠳᠡᠭᠡᠷ᠎ᠡ ︽2025 ᠣᠨ ᠤ ᠮᠠᠯᠵᠢᠬᠤ ᠲᠠᠷᠢᠶᠠᠯᠠᠬᠤ ᠡᠷᠦᠬᠡ ᠶᠢᠨ ᠶᠡᠷᠦᠩᠬᠡᠶᠢᠯᠡᠭᠰᠡᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠠᠵᠢᠯ ᠤᠨ ᠲᠥᠰᠦᠯ︾ ᠢ ᠲᠠᠶᠢᠯᠪᠤᠷᠢᠯᠠᠪᠠ᠃ | ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ᠂ ᠤᠯᠠᠭᠠᠨᠬᠠᠳᠠ ᠶᠢᠨ | ᠰᠦᠩᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠ ᠪᠦᠬᠦ ᠰᠠᠯᠠᠭ᠎ᠠ | ᠮᠥᠴᠢᠷ ᠤᠨ ᠳᠠᠭᠠᠭᠠᠮᠠᠯ᠂ ᠤᠯᠠᠭᠠᠨᠬᠠᠳᠠ ᠶᠢᠨ ᠰᠦᠩᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ | ᠲᠠᠷᠢᠶᠠᠯᠠᠬᠤ ᠣᠷᠣᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠪᠦᠬᠦ ᠵᠣᠴᠢᠨ ᠡᠷᠦᠬᠡ ᠶᠢᠨ ᠳᠠᠭᠠᠭᠠᠮᠠᠯ᠂ | ᠰᠢᠶᠤᠤ ᠮᠢᠶᠤᠤ ᠽᠢ᠂ ᠹᠦ᠋ ᠱᠠᠨ ᠵᠤᠸᠠᠩ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠲᠣᠰᠬᠤᠨ ᠤ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |