ᠤᠯᠠᠭᠠᠨᠬᠠᠳᠠ ᠶᠢᠨ ᠰᠦᠩᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠮᠠᠯᠵᠢᠬᠤ ᠲᠠᠷᠢᠶᠠᠯᠠᠬᠤ ᠡᠷᠦᠬᠡ ᠶᠢᠨ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/18
    4 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠶᠢᠨ ᠰᠦᠩᠱᠠᠨ ᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠮᠠᠯᠵᠢᠬᠤ ᠲᠠᠷᠢᠶᠠᠯᠠᠬᠤ ᠡᠷᠦᠬᠡ ᠶᠢᠨ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠳᠠᠬᠢ ᠪᠡᠯᠡ ᠬᠤᠷᠠᠮᠳᠤᠭᠤᠯᠬᠤ ᠳᠤ ᠬᠦᠴᠢᠷ᠂ ᠠᠶᠤᠯ ᠲᠦᠭᠰᠢᠭᠦᠷᠢ ᠶᠡᠭᠡ᠂ ᠦᠢᠯᠡᠴᠢᠯᠡᠭᠡ ᠪᠠᠭᠤᠷᠠᠢ ᠵᠡᠷᠭᠡ ᠡᠪᠡᠷᠰᠢᠶᠡᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠮᠥᠩᠭᠦᠨ ᠭᠦᠢᠯᠭᠡᠭᠡᠨ ᠤ ᠮᠠᠯ ᠠᠵᠤ ᠠᠬᠤᠢ ᠲᠠᠷᠢᠶᠠᠯᠠᠩ ᠳᠤ ᠦᠢᠯᠡᠴᠢᠯᠡᠬᠦ ᠰᠢᠨ᠎ᠡ ᠵᠠᠭᠪᠤᠷ᠂ ᠰᠢᠨ᠎ᠡ ᠠᠷᠭ᠎ᠠ ᠵᠠᠮ ᠢ ᠬᠠᠮᠲᠤᠪᠠᠷ ᠬᠠᠶᠢᠨ ᠰᠦᠪᠡᠭᠴᠢᠯᠡᠪᠡ᠃ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠦᠩ ᠴᠢᠩ ᠰᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠳᠡᠳ᠋ ᠳᠠᠷᠤᠭ᠎ᠠ ᠵᠤᠤ ᠱᠢ ᠴᠤᠤ ᠬᠤᠷᠠᠯ ᠢ ᠡᠷᠬᠢᠯᠡᠵᠦ᠂ ᠰᠦᠩᠱᠠᠨ ᠤ ᠰᠠᠯᠪᠤᠷᠢ ᠪᠠᠩᠬᠢ ᠶᠢᠨ ᠭᠤᠣᠯ ᠬᠠᠷᠢᠭᠤᠴᠠᠯᠭᠠᠲᠠᠨ ᠰᠦ ᠰᠢᠶᠤᠤ ᠬᠤᠸᠠ ᠬᠤᠷᠠᠯ ᠳᠤ ᠤᠷᠤᠯᠴᠠᠪᠠ᠃    ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠲᠠᠷᠢᠶᠠᠯᠠᠩ ᠮᠠᠯ ᠠᠵᠤ ᠠᠬᠤᠶ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠮᠥᠨ᠂ ᠮᠠᠯᠵᠢᠬᠤ ᠲᠠᠷᠢᠶᠠᠯᠠᠬᠤ ᠡᠷᠦᠬᠡ ᠪᠣᠯ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠭᠤᠤᠯ ᠴᠣᠭᠴᠠ ᠮᠥᠨ᠃ ᠣᠳᠣᠬᠠᠨ ᠳᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠦᠢᠯᠡᠳᠪᠦᠷᠢᠯᠡᠯ ᠤᠨ ᠥᠪᠡᠷ ᠤᠨ ᠥᠷᠲᠡᠭ ᠳᠡᠭᠡᠭᠰᠢᠯᠡᠬᠦ᠂ ᠪᠠᠶᠢᠭᠠᠯᠢ ᠶᠢᠨ ᠭᠠᠮᠰᠢᠭ ᠣᠯᠠᠨᠲᠠ ᠡᠭᠦᠰᠬᠦ᠂ ᠵᠠᠬ᠎ᠠ ᠳᠡᠯᠭᠡᠭᠦᠷ ᠤᠨ ᠬᠡᠯᠪᠡᠯᠵᠡᠯ ᠰᠢᠷᠦᠭᠦᠰᠬᠦ ᠵᠡᠷᠭᠡ ᠣᠯᠠᠨ ᠵᠦᠢᠯ ᠤᠨ ᠥᠷᠢᠰᠥᠯᠳᠦᠭᠡᠨ ᠲᠤᠯᠭᠠᠷᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠨᠠᠷᠢᠯᠢᠭ ᠣᠨᠣᠴᠠᠲᠠᠶ ᠴᠢᠳᠠᠪᠤᠷᠢ ᠶᠢ ᠪᠠᠴᠢᠮ ᠱᠠᠭᠠᠷᠳᠠᠵᠤ ᠪᠠᠶᠢᠨ᠎ᠠ᠃ ᠤᠯᠠᠭᠠᠨᠬᠠᠳᠠ ᠶᠢᠨ ᠰᠦᠩᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠮᠥᠩᠭᠦᠨ  ᠭᠦᠢᠯᠭᠡᠭᠡᠨ ᠤ ︽ᠠᠮᠢᠳᠤᠯᠢᠭ ᠤᠰᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠨᠡᠨ ᠬᠦ ᠬᠦᠴᠦᠨ ᠨᠡᠮᠡᠷᠢᠯᠡᠬᠦ ᠬᠡᠷᠡᠭᠲᠡᠶ᠃    ᠵᠦᠩ ᠴᠢᠩ ᠰᠦᠩ ᠴᠢᠬᠤᠯᠠᠴᠢᠯᠠᠭᠰᠠᠨ ᠨᠢ᠂ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠬᠢᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠩᠱᠠᠨ ᠲᠣᠭᠤᠷᠢᠭ ᠤᠨ ᠲᠦᠬᠦᠭᠡᠷᠦᠮᠵᠢᠲᠦ ᠲᠠᠷᠢᠶᠠᠯᠠᠩ᠂ ᠡᠯᠳᠡᠪ ᠠᠮᠤ᠂ ᠦᠷ᠎ᠡ ᠶᠢᠨ ᠦᠢᠯᠡᠰ᠂ ᠤᠮᠠᠷᠠᠲᠤ ᠶᠢᠨ ᠬᠤᠷᠣᠬᠠᠢ ᠡᠪᠡᠰᠦ ᠵᠡᠷᠭᠡ ᠠᠵᠤ ᠦᠢᠯᠡᠰ ᠤᠨ ᠲᠣᠭᠤᠷᠢᠨ ᠳᠤ᠂ ᠲᠦᠷᠦ ᠶᠢᠨ ᠪᠤᠳᠤᠯᠭ᠎ᠠ ᠶᠢᠨ ᠬᠡᠯᠪᠠᠶᠢᠯᠲᠡ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ︽ᠬᠦᠦ ᠮᠥᠩᠭᠦ ᠶᠢ ᠠᠳᠠᠯᠢᠳᠬᠠᠬᠤ ᠦᠭᠡᠢ ᠦᠢᠯᠡᠴᠢᠯᠡᠭᠡ ᠶᠢ ᠠᠳᠠᠯᠢᠳᠬᠠᠬᠤ︾ ᠪᠠᠷ ᠣᠶᠢᠯᠠᠭᠠᠭᠳᠠᠬᠤᠨ ᠪᠣᠯᠭᠠᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠬᠡᠯᠬᠢᠶ᠎ᠡ ᠶᠢ ᠤᠷᠲᠤᠳᠬᠠᠬᠤ ᠬᠡᠷᠡᠭᠲᠡᠢ᠃ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠢᠶᠠᠩ ᠪᠠᠯᠭᠠᠰᠤ ᠰᠠᠨᠠᠭᠠᠴᠢᠯᠠᠭ᠎ᠠ ᠠᠴᠠ ᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠵᠣᠯᠭᠠᠭᠤᠯᠵᠤ᠂ ᠲᠣᠰ ᠪᠡᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠭ ᠲᠠᠭᠠᠨ ᠰᠠᠭᠤᠷᠢᠯᠠᠨ᠂ ᠵᠦᠷᠢᠶᠡᠴᠢᠯᠡᠭᠰᠡᠨ ᠲᠥᠰᠦᠯ ᠢ ᠬᠠᠮᠲᠤ ᠪᠠᠷ ᠲᠣᠭᠲᠠᠭᠠᠬᠤ ᠬᠡᠷᠡᠭᠲᠡᠶ︔ ᠲᠠᠷᠢᠶᠠᠯᠠᠩ ᠬᠤᠳᠠᠯᠳᠤᠭᠠᠨ ᠤ ᠪᠠᠩᠬᠢ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠲᠣᠰᠬᠤᠨ ᠳᠤ ᠰᠠᠭᠤᠬᠤ ᠲᠦᠷᠢᠮ ᠢ ᠬᠡᠷᠡᠭᠵᠢᠭᠦᠯᠵᠦ᠂ ᠦᠢᠯᠡᠴᠢᠯᠡᠭᠡ ᠶᠢ ᠲᠠᠰᠤᠷᠠᠯᠳᠠ ᠦᠭᠡᠢ ᠬᠢᠬᠦ ᠶᠢ ᠦᠨᠡᠨ ᠬᠦ ᠪᠠᠲᠤᠯᠠᠬᠤ ᠬᠡᠷᠡᠭᠲᠡᠢ᠃    ᠬᠤᠷᠠᠯ ᠳᠡᠭᠡᠷ᠎ᠡ ︽2025 ᠣᠨ ᠤ ᠮᠠᠯᠵᠢᠬᠤ ᠲᠠᠷᠢᠶᠠᠯᠠᠬᠤ ᠡᠷᠦᠬᠡ ᠶᠢᠨ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠤᠨ ᠲᠥᠰᠦᠯ︾ ᠢ ᠲᠠᠶᠢᠯᠪᠤᠷᠢᠯᠠᠪᠠ᠃    ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ᠂ ᠤᠯᠠᠭᠠᠨᠬᠠᠳᠠ ᠶᠢᠨ ᠰᠦᠩᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠ ᠪᠦᠬᠦ ᠰᠠᠯᠠᠭ᠎ᠠ ᠮᠥᠴᠢᠷ ᠤᠨ ᠳᠠᠭᠠᠭᠠᠮᠠᠯ᠂ ᠤᠯᠠᠭᠠᠨᠬᠠᠳᠠ ᠶᠢᠨ ᠰᠦᠩᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠲᠠᠷᠢᠶᠠᠯᠠᠬᠤ ᠣᠷᠣᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠪᠦᠬᠦ ᠵᠣᠴᠢᠨ ᠡᠷᠦᠬᠡ ᠶᠢᠨ ᠳᠠᠭᠠᠭᠠᠮᠠᠯ᠂ ᠰᠢᠶᠤᠤ ᠮᠢᠶᠤᠤ ᠽᠢ᠂ ᠹᠦ᠋ ᠱᠠᠨ ᠵᠤᠸᠠᠩ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠲᠣᠰᠬᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号