ᠰᠦᠩᠱᠠᠨ ᠲᠣᠭᠤᠷᠢᠭ ᠤᠨ ᠰᠣᠶᠣᠯ ᠤᠨ ᠣᠷᠳᠣᠨ ᠤᠯᠠᠭᠠᠨᠬᠠᠳᠠ ᠶᠢᠨ ᠳᠡᠭᠡᠳᠦ ᠰᠤᠷᠭᠠᠭᠤᠯᠢ ᠲᠠᠢ ᠬᠠᠮᠲᠤᠷᠠᠨ ︽ᠳᠡᠯᠡᠬᠡᠢ ᠳᠤ ᠬᠡᠯᠡ ᠨᠡᠪᠲᠡᠷᠡᠵᠦ ᠰᠣᠶᠣᠯ ᠢᠶᠠᠷ ᠰᠦᠩᠱᠠᠨ ᠢ ᠤᠮᠳᠠᠯᠠᠬᠤ︾ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/23
   4 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠰᠣᠶᠣᠯ ᠤᠨ ᠣᠷᠳᠣᠨ ᠤᠯᠠᠭᠠᠨᠬᠠᠳᠠ ᠶᠢᠨ ᠳᠡᠭᠡᠳᠦ ᠰᠤᠷᠭᠠᠭᠤᠯᠢ ᠲᠠᠢ ᠬᠠᠮᠲᠤᠷᠠᠨ ︽ᠳᠡᠯᠡᠬᠡᠢ  ᠳᠤ ᠬᠡᠯᠡ ᠨᠡᠪᠲᠡᠷᠡᠵᠦ ᠰᠣᠶᠣᠯ ᠢᠶᠠᠷ ᠰᠦᠩᠱᠠᠨ ᠢ ᠤᠮᠳᠠᠯᠠᠬᠤ︾ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠨᠢ ᠢᠷᠠᠭᠤ ᠰᠠᠶᠢᠬᠠᠨ ᠡᠷᠲᠡᠨ ᠤ ᠬᠤᠭᠤᠷ ᠤᠨ ᠬᠥᠭᠵᠢᠮ ᠤᠨ ᠳᠤᠮᠳᠠ ᠬᠥᠰᠢᠭᠡ ᠪᠠᠨ ᠰᠡᠬᠦᠵᠦ᠂ ᠠᠵᠢᠯᠯᠠᠭᠠᠨ ᠤ ᠳᠤᠮᠳᠠ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠬᠢᠭᠡᠳ ᠤᠯᠠᠭᠠᠨᠮᠥ᠋ᠴᠢᠷ ᠤᠨ ᠤᠷᠠᠨ ᠰᠠᠶᠢᠬᠠᠨ ᠤ ᠰᠠᠶᠢᠨ ᠳᠤᠷ᠎ᠠ ᠶᠢᠨ ᠠᠵᠢᠯᠯᠠᠭᠰᠠᠳ ᠬᠠᠮᠲᠤ ᠪᠠᠷ ᠬᠢᠲᠠᠳ ᠬᠡᠯᠡᠨ ᠤ ᠰᠢᠯᠦᠭ ᠳᠠᠭᠤᠯᠠᠯ ᠢ ᠤᠶᠠᠩᠭᠠᠯᠠᠵᠤ᠂ ᠰᠣᠶᠣᠯ ᠤᠨ ᠮᠥᠷᠭᠦᠯᠳᠦᠯ ᠪᠠ ᠠᠭᠤᠰᠤᠯᠴᠠᠯ ᠤᠨ ᠳᠤᠮᠳᠠ ᠳᠤᠮᠳᠠᠳᠤ ᠶᠢᠨ ᠰᠣᠶᠣᠯ ᠳᠤ ᠬᠠᠨᠳᠤᠭᠤᠯᠤᠭᠰᠠᠨ ᠬᠠᠶᠢᠷ᠎ᠠ ᠪᠠ ᠬᠦᠨᠳᠦᠳᠬᠡᠯ ᠢ ᠳᠠᠮᠵᠢᠭᠤᠯᠪᠠ᠃ ᠳᠠᠷᠠᠭ᠎ᠠ ᠳᠤᠨᠢ᠂ ᠤᠯᠠᠨ ᠢᠶᠠᠷ ᠢᠶᠠᠨ ᠤᠯᠠᠭᠠᠨ ᠬᠠᠳᠠ ᠶᠢᠨ ᠰᠣᠶᠣᠯ ᠤᠨ ᠭᠤᠣᠯ ᠰᠡᠳᠦᠪᠲᠦ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠢ ᠲᠣᠭᠤᠷᠢᠨ ᠦᠵᠡᠵᠦ᠂ ᠨᠠᠷᠢᠯᠢᠭ ᠰᠠᠶᠢᠬᠠᠨ ᠵᠢᠷᠤᠭ ᠤᠨ ᠪᠦᠲᠦᠭᠡᠯ ᠤᠳ ᠨᠢ ᠬᠤᠩᠱᠠᠨ ᠰᠣᠶᠣᠯ ᠤᠨ ᠥᠪᠡᠷᠮᠢᠴᠡ ᠷᠢᠳᠢ ᠰᠢᠳᠢ ᠪᠣᠯᠤᠨ ᠤᠮᠠᠷᠠᠲᠤ ᠶᠢᠨ ᠡᠬᠡ ᠭᠠᠵᠠᠷ ᠤᠨ ᠰᠦᠷᠯᠢᠭ ᠰᠠᠶᠢᠬᠠᠨ ᠦᠵᠡᠮᠵᠢ ᠶᠢ ᠠᠮᠢᠳᠤᠯᠢᠭ ᠢᠶᠠᠷ ᠢᠯᠡᠷᠡᠭᠦᠯᠵᠦ᠂ ᠰᠤᠷᠤᠭᠴᠢᠳ ᠲᠠᠶᠢᠯᠪᠤᠷᠢᠯᠠᠭᠴᠢ ᠲᠠᠢ ᠰᠣᠯᠢᠯᠴᠠᠨ ᠶᠠᠷᠢᠯᠴᠠᠪᠠ᠃ ᠳᠡᠭᠡᠳᠦ ᠰᠤᠷᠭᠠᠭᠤᠯᠢ ᠶᠢᠨ ᠪᠠᠭᠰᠢ ᠨᠠᠷ ᠪᠠᠰᠠ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ ᠡᠷᠲᠡᠨ ᠤ ᠬᠢᠲᠠᠳ ᠦᠰᠦᠭ ᠤᠨ ᠲᠡᠦᠬᠡ ᠰᠣᠶᠣᠯ ᠤᠨ ᠲᠤᠬᠠᠶ ᠭᠤᠶᠢᠳᠠ ᠰᠠᠶᠢᠬᠠᠨ ᠲᠠᠶᠢᠯᠪᠤᠷᠢᠯᠠᠯᠲᠠ ᠶᠢ ᠠᠪᠴᠢᠷᠠᠵᠤ᠂ ᠤᠷᠠᠨ ᠪᠢᠴᠢᠯᠭᠡᠲᠡᠨ ᠰᠤᠷᠤᠭᠴᠢᠳ ᠲᠠᠢ ᠬᠠᠮᠲᠤ ᠦᠰᠦᠨ ᠪᠢᠷ ᠤᠨ ᠦᠰᠦᠭ ᠪᠢᠴᠢᠵᠦ᠂ ᠰᠤᠷᠤᠭᠴᠢᠳ ᠲᠤ ᠳᠤᠮᠳᠠᠳᠤ ᠶᠢᠨ ᠰᠣᠶᠣᠯ ᠤᠨ ᠠᠴᠢᠶᠠᠯᠠᠪᠤᠷᠢ ᠪᠣᠯᠤᠭᠰᠠᠨ ᠤ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠭᠤᠯᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号