4 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠬᠤᠶᠢᠴᠢ ᠦᠶ᠎ᠡ ᠪᠠᠨ | ᠬᠠᠯᠠᠮᠵᠢᠯᠠᠬᠤ ᠠᠵᠢᠯ ᠤᠨ ᠵᠥᠪᠯᠡᠯ᠂ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠬᠤᠷᠠᠯ ᠨᠢ ᠴᠠᠢ ᠬᠤ᠋ ᠯᠠᠨᠽᠢ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ︽ | ᠬᠤᠪᠢᠰᠬᠠᠯ ᠤᠨ ᠤᠯᠠ ᠮᠥᠷ ᠢ ᠡᠷᠢᠯᠬᠢᠯᠡᠵᠦ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ︾ ᠭᠤᠣᠯ ᠰᠡᠳᠦᠪᠲᠦ | ᠬᠥᠮᠦᠵᠢᠯ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ | ᠰᠦᠩᠱᠠᠨ ᠲᠣᠭᠤᠷᠢᠭ ᠪᠣᠯ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠪᠣᠯᠤᠨ᠎ᠠ᠂ ᠲᠤᠰ ᠣᠳᠠᠭᠠᠨ ᠤ | ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠨᠢ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ | ᠬᠥᠮᠦᠵᠢᠭᠦᠯᠬᠦ ᠪᠠᠷ ᠵᠣᠷᠢᠯᠭ᠎ᠠ ᠪᠣᠯᠭᠠᠵᠤ᠂ ᠲᠤᠰ ᠣᠷᠣᠨ ᠳᠤ ᠰᠠᠭᠤᠷᠢᠯᠠᠬᠤ᠂ ᠰᠠᠭᠤᠷᠢᠨ ᠭᠠᠵᠠᠷ ᠲᠤ ᠲᠦᠰᠢᠭᠯᠡᠬᠦ᠂ | ᠰᠤᠷᠭᠠᠨ ᠬᠥᠮᠦᠵᠢᠯ ᠢᠶᠠᠷ ᠦᠨᠳᠦᠰᠦ ᠪᠣᠯᠭᠠᠬᠤ᠂ ᠣᠨᠴᠠᠯᠢᠭ ᠢ ᠴᠢᠬᠤᠯᠠᠴᠢᠯᠠᠬᠤ ᠵᠠᠷᠴᠢᠮ ᠢᠶᠠᠷ᠂ ᠲᠤᠰ ᠭᠠᠵᠠᠷ ᠤᠨ | ᠬᠤᠪᠢᠰᠬᠠᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠣᠳᠣᠬᠠᠨ ᠤ ᠵᠠᠯᠠᠭᠤᠴᠤᠳ ᠪᠠᠭᠠᠴᠤᠳ ᠤᠨ ᠦᠵᠡᠯ | ᠰᠠᠨᠠᠭᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠵᠠᠯᠠᠭᠤᠴᠤᠳ ᠪᠠᠭᠠᠴᠤᠳ ᠤᠨ ᠦᠵᠡᠵᠦ | ᠰᠣᠨᠢᠷᠬᠠᠬᠤ ᠳᠤᠷᠠᠲᠠᠢ ᠬᠡᠯᠪᠡᠷᠢ ᠶᠢ ᠬᠡᠷᠡᠭᠯᠡᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠦᠳᠦᠯᠦᠨ | ᠵᠢᠯᠣᠭᠤᠳᠴᠤ ᠪᠠᠶᠢᠭᠠᠳ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ ᠶᠢ ᠰᠤᠷᠤᠯᠴᠠᠭᠤᠯᠵᠤ᠂ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠵᠤ᠂ ᠬᠤᠪᠢᠰᠬᠠᠯ ᠤᠨ ᠭᠧᠨ ᠤ | ᠤᠯᠠᠮᠵᠢᠯᠠᠭᠴᠢ ᠪᠠ ᠦᠢᠯᠡᠳᠦᠯᠭᠡᠵᠢᠭᠦᠯᠦᠭᠴᠢ ᠪᠣᠯᠭᠠᠪᠠ᠃ |