ᠵᠦᠩ ᠴᠢᠩ ᠰᠦᠩ 2025 ᠣᠨ ᠤ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/3
   3 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠥᠩ ᠴᠢᠩ ᠰᠥᠩ 2025 ᠣᠨ ᠤ ᠲᠣᠭᠤᠷᠢᠭ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠰᠦᠩᠱᠠᠨ ᠲᠣᠭᠤᠷᠢᠭ ᠤᠨ ᠺᠠᠳ᠋ᠷ ᠢ ᠤᠷᠠᠮᠰᠢᠭᠤᠯᠬᠤ᠂ ᠵᠠᠷᠯᠠᠨ ᠮᠠᠩᠯᠠᠶᠢᠯᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽ᠰᠦᠩᠱᠠᠨ ᠲᠣᠭᠤᠷᠢᠭ ᠤᠨ 2025 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠦᠯ︾᠂ ︽ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠬᠦ ᠪᠠ ᠠᠬᠢᠭᠤᠯᠬᠤ ᠲᠤᠰᠬᠠᠢ ᠠᠩᠬᠢ ᠪᠠᠶᠢᠭᠤᠯᠬᠤ ᠲᠤᠬᠠᠢ ᠮᠡᠳᠡᠭᠳᠡᠯ︾᠂ ︽ᠰᠦᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠶᠡᠭᠡ ᠬᠡᠮᠵᠢᠶᠡᠨ ᠤ ᠢᠳᠡᠭᠡᠨ ᠤ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ︔ ᠰᠦᠩᠱᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠬᠢ ᠶᠢᠨ ᠲᠣᠮᠢᠯᠠᠭᠰᠠᠨ ᠠᠵᠢᠯ ᠵᠢᠴᠢ ᠡᠳ᠋ ᠤᠨ ᠵᠠᠰᠠᠭ ᠠᠴᠠ ᠲᠦᠷ ᠵᠣᠭᠤᠰ ᠥᠭᠬᠦ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠺᠠᠳ᠋ᠷ ᠠᠵᠢᠯᠲᠠᠨ ᠠᠵᠢᠯᠴᠢᠨ ᠤ ︽ᠵᠠᠷᠯᠠᠨ ᠮᠠᠩᠯᠠᠶᠢᠯᠠᠭᠤᠯᠬᠤ︾ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠬᠡᠷᠡᠭᠴᠡᠭᠡ ᠶᠣᠰᠣᠭᠠᠷ ︽ᠰᠠᠮᠪᠠᠷ᠎ᠠ ᠭᠠᠷᠭᠠᠬᠤ︾᠂ ᠴᠢᠳᠠᠪᠤᠷᠢᠲᠠᠨ ᠢ ︽ᠰᠠᠮᠪᠠᠷ᠎ᠠ ᠳᠤ ᠵᠠᠷᠯᠠᠬᠤ︾᠂ ᠪᠦᠬᠦ ᠶᠠᠪᠤᠴᠠ ᠳᠤ ︽ᠰᠠᠮᠪᠠᠷ᠎ᠠ ᠶᠢ ᠳᠠᠭᠠᠬᠤ︾᠂ ︽ᠵᠢᠬᠰᠠᠭᠠᠨ ᠰᠢᠯᠭᠠᠷᠠᠭᠤᠯᠬᠤ︾ ᠠᠷᠭ᠎ᠠ ᠬᠡᠯᠪᠡᠷᠢ ᠪᠠᠷ ᠳᠠᠮᠵᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠭᠤᠣᠯᠳᠠᠯᠭ᠎ᠠ ᠲᠠᠢ ᠠᠵᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠳᠡᠬᠦ ᠶᠢ ᠠᠬᠢᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠲᠥᠰᠥᠯ︾ ᠤᠨ ᠱᠠᠭᠠᠷᠳᠠᠯᠭ᠎ᠠ ᠶᠣᠰᠣᠭᠠᠷ᠂ ᠬᠤᠳᠠᠯᠳᠤᠭᠠᠴᠢᠨ ᠤᠷᠢᠬᠤ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠤᠳᠠᠯᠳᠤᠭᠠᠴᠢᠨ ᠤᠷᠢᠬᠤ ᠬᠦᠴᠦᠨ ᠢ ᠲᠥᠪᠯᠡᠷᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ 2025 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠠᠷᠪᠠᠨ ᠶᠡᠭᠡ ᠠᠵᠢᠯᠯᠠᠭ᠎ᠠ︾ ᠶᠢ ᠭᠦᠨᠵᠡᠭᠡᠶ ᠠᠬᠢᠭᠤᠯᠵᠤ᠂ ︽ᠥᠨᠳᠥᠷ ᠲᠦᠪᠰᠢᠨ ᠢᠶᠠᠷ ᠠᠬᠢᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠲᠤᠰᠬᠠᠶ ᠠᠩᠭᠢ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠰᠢᠪᠲᠤᠯᠬᠤ︾ ᠲᠥᠷᠥᠯ ᠵᠦᠢᠯ ᠢ ᠠᠬᠢᠭᠤᠯᠬᠤ ᠤᠳᠤᠷᠢᠳᠬᠤ ᠰᠢᠰᠲ᠋ᠧᠮ ᠢ ᠪᠠᠶᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ᠃ ᠮᠠᠨ ᠤ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠶᠡᠭᠡ ᠬᠡᠮᠵᠢᠶᠡᠨ ᠤ ᠢᠳᠡᠭᠡᠨ ᠤ ᠮᠠᠲ᠋ᠧᠷᠢᠶᠠᠯ ᠢ ᠨᠢᠭᠡᠳᠦᠯᠲᠡᠢ ᠳᠠᠭᠠᠭᠠᠴᠢᠯᠠᠯᠲᠠ ᠵᠠᠷᠯᠠᠬᠤ᠂ ᠨᠢᠭᠡᠳᠦᠯᠲᠡᠢ ᠬᠤᠳᠠᠯᠳᠤᠨ ᠠᠪᠬᠤ᠂ ᠨᠢᠭᠡᠳᠦᠯᠲᠡᠢ ᠲᠤᠬᠢᠷᠠᠭᠤᠯᠤᠨ ᠬᠦᠷᠭᠡᠬᠦ ᠶᠢ ᠪᠡᠶᠡᠯᠡᠭᠦᠯᠵᠦ᠂ ᠢᠳᠡᠭᠡᠨ ᠤ ᠮᠠᠲ᠋ᠧᠷᠢᠶᠠᠯ ᠢ ᠵᠢᠷᠤᠮᠵᠢᠭᠰᠠᠨ᠂ ᠪᠠᠷᠢᠮᠵᠢᠶᠠᠵᠢᠭᠤᠯᠤᠭᠰᠠᠨ᠂ ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ᠬᠠᠩᠰᠢ ᠶᠢᠨ ᠡᠳᠦᠷ ᠭᠡᠬᠦ ᠡᠨᠡ ᠬᠦ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠴᠢᠩᠭ᠎ᠠ ᠰᠡᠷᠭᠡᠶᠢᠯᠡᠨ ᠰᠠᠬᠢᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠶᠢᠨ ᠬᠠᠮᠢᠶ᠎ᠠ ᠪᠥᠬᠦᠶ ᠠᠭᠤᠯᠭ᠎ᠠ ᠶᠢ ᠰᠤᠷᠤᠯᠴᠠᠪᠠ᠃    ᠲᠣᠭᠤᠷᠢᠭ ᠤᠨ ᠤᠳᠤᠷᠢᠳᠤᠯᠭ᠎ᠠ ᠵᠢᠶᠠᠩ ᠴᠠᠩ ᠾᠦᠢ᠂ ᠰᠢᠤᠢ ᠹᠸᠢ ᠶᠠᠨ᠂ ᠵᠤᠤ ᠱᠢ ᠴᠤᠤ᠂ ᠯᠢ ᡁᠢ ᠭᠦᠸᠧ ᠂ ᠹᠠᠨ ᠪᠢᠨ ᠬᠤᠷᠠᠯ ᠳᠤ ᠣᠷᠣᠯᠴᠠᠵᠤ᠂ ᠰᠦᠨ ᠵᠧᠨ ᠬᠠᠢ᠂ ᠶᠣᠣ ᠰᠢᠤᠸᠠᠢ ᠱᠤ᠋ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号