ᠰᠦᠩᠱᠠᠨ ᠲᠣᠭᠤᠷᠢᠭ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
    4 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃    ᠲᠣᠭᠤᠷᠢᠭ ᠤᠨ ᠳᠡᠳ᠋ ᠳᠠᠷᠤᠭ᠎ᠠ ᠯᠢ ᠰᠢᠶᠠᠨ ᠹᠦ᠋ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠣᠭᠳᠠᠬᠤ ᠪᠣᠯᠬᠤᠷ ᠡᠯ᠎ᠡ ᠭᠠᠵᠠᠷ ᠣᠷᠣᠨ ᠪᠠ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠶ᠃ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠡᠨᠡ ᠬᠦ ᠭᠤᠣᠯ ᠱᠤᠭᠤᠮ ᠤᠨ ᠲᠣᠭᠤᠷᠢᠨ ᠳᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠠᠵᠢᠯᠳᠠᠨ ᠤ ᠪᠣᠯᠪᠠᠰᠤᠷᠠᠯ ᠪᠠ ᠠᠵᠢᠯ ᠤᠨ ᠪᠠᠶᠢᠷᠢ ᠶᠢ ᠠᠭᠤᠳᠠᠯᠬᠤ ᠬᠤᠶᠠᠷ ᠭᠠᠷᠳᠠᠴᠠ ᠶᠢ ᠰᠠᠶᠢᠲᠤᠷ ᠬᠡᠷᠡᠭᠯᠡᠵᠦ᠂ ᠪᠦᠲᠦᠴᠡ ᠶᠢᠨ ᠴᠢᠨᠠᠷᠲᠠᠢ ᠵᠥᠷᠢᠴᠡᠯ ᠢ ᠰᠢᠢᠳᠪᠦᠷᠢᠯᠡᠬᠦ ᠬᠡᠷᠡᠭᠲᠡᠢ᠃ ᠰᠦᠩᠱᠠᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠬᠡᠷ ᠤᠨ ᠡᠭᠦᠳᠡᠨ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠪᠠ ᠵᠠᠬ᠎ᠠ ᠳᠡᠯᠭᠡᠭᠦᠷ ᠤᠨ ᠠᠰᠢᠭ ᠣᠯᠵᠠᠪᠤᠷᠢ ᠶᠢᠨ ᠬᠡᠯᠪᠡᠷᠢ ᠶᠢᠨ ᠲᠠᠪᠴᠠᠩ ᠢ ᠰᠠᠶᠢᠲᠤᠷ ᠬᠡᠷᠡᠭᠯᠡᠵᠦ᠂ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠪᠡᠶᠡᠯᠡᠭᠦᠯᠬᠦ ᠬᠡᠷᠡᠭᠲᠡᠶ᠃ ᠠᠵᠢᠯ ᠣᠯᠭᠤᠯᠲᠠ ᠪᠠᠷ ᠲᠡᠳᠬᠦᠬᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ᠂ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠭᠦᠴᠡᠯ ᠵᠡᠷᠭᠡ ᠳᠥᠷᠪᠡᠨ ᠪᠠᠲᠤᠯᠠᠭ᠎ᠠ ᠶᠢ ᠴᠢᠩᠭᠠᠳᠬᠠᠵᠤ᠂ ᠬᠥᠳᠡᠯᠮᠦᠷᠢᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠠᠷᠢᠯᠴᠠᠨ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠥᠷᠨᠢᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号