ᠵᠦᠩ ᠴᠢᠩ ᠰᠦᠩ 2025 ᠣᠨ ᠤ ᠲᠣᠭᠤᠷᠢᠭ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/14
    5 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠥᠩ ᠴᠢᠩ ᠰᠥᠩ 2025 ᠣᠨ ᠤ ᠲᠣᠭᠤᠷᠢᠭ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ᠂ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠰᠢᠢᠳᠪᠦᠷᠢᠯᠡᠬᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠠ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠴᠡᠭᠴᠡᠯᠡᠨ ᠰᠠᠶᠢᠵᠢᠷᠠᠭᠤᠯᠬᠤ᠂ ᠣᠶ ᠰᠢᠭᠤᠶ ᠡᠪᠡᠰᠦ ᠪᠡᠯᠴᠢᠭᠡᠷ ᠢ ᠰᠦᠢᠳᠭᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠵᠠᠰᠠᠭ ᠤᠨ ᠣᠷᠳᠣᠨ ᠤ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠬᠢᠴᠠ ᠶᠢ ᠭᠦᠨᠵᠡᠭᠡᠶ ᠠᠬᠢᠭᠤᠯᠤᠭᠰᠠᠨ ᠪᠠᠶᠢᠳᠠᠯ ᠢ ᠰᠣᠨᠣᠰᠪᠠ︔ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︵ᠬᠦᠷᠭᠡᠨ ᠬᠢᠨᠠᠭᠤᠯᠬᠤ ᠨᠣᠤᠷᠠᠭ︶︾ ᠶᠢ ᠬᠢᠨᠠᠨ ᠵᠥᠪᠯᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢ ᠤᠯᠠᠭᠠᠨᠬᠠᠳᠠ ᠬᠤᠳᠠ ᠶᠢᠨ ︽ᠠᠷᠪᠠᠨ ᠶᠡᠭᠡ ᠠᠵᠢᠯᠯᠠᠭ᠎ᠠ︾ ᠪᠣᠯᠤᠨ ᠪᠦᠬᠦ ᠲᠣᠭᠤᠷᠢᠭ ᠤᠨ ᠭᠤᠣᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠢ ᠴᠠᠭ ᠲᠤᠬᠠᠢ ᠳᠤᠨᠢ ᠬᠥᠮᠥᠷᠭᠡ ᠳᠤ ᠣᠷᠣᠭᠤᠯᠤᠨ ᠨᠢᠭᠡᠳᠦᠯᠲᠡᠢ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠶᠢ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠤᠢ ᠰᠢᠭᠤᠢ ᠡᠪᠡᠰᠦ ᠪᠡᠯᠴᠢᠭᠡᠷ ᠢ ᠰᠦᠢᠳᠬᠡᠬᠦ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠲᠠᠢ ᠤᠶᠠᠯᠳᠤᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠲᠣᠭᠤᠷᠢᠭ ᠤᠨ ᠤᠳᠤᠷᠢᠳᠤᠯᠭ᠎ᠠ ᠵᠢᠶᠠᠩ ᠴᠠᠩ ᠾᠦᠢ᠂ ᠶᠠᠩ ᠸᠧᠨ ᠳ᠋ᠦᠩ᠂ ᠰᠢᠤᠢ ᠹᠸᠢ ᠶᠠᠨ᠂ ᠭᠦᠸᠧ ᠮᠢᠩ ᠷᠦᠢ᠂ ᠯᠢ ᠰᠢᠶᠠᠨ ᠹᠦ᠋᠂ ᠵᠤᠤ ᠱᠢ ᠴᠤᠤ᠂ ᠯᠢ ᡁᠢ ᠭᠦᠸᠧ᠂ ᠹᠠᠨ ᠪᠢᠨ ᠬᠤᠷᠠᠯ ᠳᠤ ᠣᠷᠣᠯᠴᠠᠵᠤ᠂ ᠶᠣᠣ ᠰᠢᠤᠸᠠᠢ ᠮᠧᠢ᠂ ᠯᠢᠦ ᠸᠠᠨ ᠯᠢ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号