5 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠶᠠᠩ ᠮᠧᠩ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠰᠢᠶᠠᠩ ᠶᠠᠩ ᠵᠡᠭᠡᠯᠢ ᠭᠤᠳᠤᠮᠵᠢ ᠶᠢᠨ ᠶᠢᠨ | ᠬᠤᠸᠠ ᠨᠡᠶᠢᠭᠡᠮ ᠲᠣᠭᠤᠷᠢᠭ᠂ ᠮᠦ ᠵᠢᠶᠠ ᠶᠢᠩᠽᠢ ᠪᠠᠯᠭᠠᠰᠤᠨ ᠤ ᠭᠦ᠋ ᠳ᠋ᠦ᠋ ᠾᠧ ᠲᠣᠰᠬᠤᠨ ᠳᠤ ᠬᠦᠷᠴᠦ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ | ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠤᠭᠰᠠᠨ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠪᠣᠯᠤᠨ ᠤᠢ ᠰᠢᠭᠤᠢ ᠡᠪᠡᠰᠦ ᠪᠡᠯᠴᠢᠭᠡᠷ ᠢ ᠰᠦᠢᠳᠭᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃ | ᠶᠠᠩ ᠮᠧᠩ ᠴᠢᠬᠤᠯᠠᠴᠢᠯᠠᠭᠰᠠᠨ ᠨᠢ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶ | ᠲᠤᠭᠤᠰᠢᠯᠠᠭᠤᠯᠵᠤ᠂ ᠬᠠᠷᠠᠯᠲᠠ ᠱᠠᠭᠠᠷᠳᠠᠯᠭ᠎ᠠ᠂ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠲᠠᠢ ᠨᠢᠭᠲᠠ | ᠤᠶᠠᠯᠳᠤᠭᠤᠯᠤᠨ᠂ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠰᠤᠷᠤᠯᠴᠠᠯᠭ᠎ᠠ | ᠬᠥᠮᠦᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠠᠮ ᠤᠨ ᠭᠡᠰᠢᠭᠦᠨ ᠢ ᠬᠥᠮᠦᠵᠢᠭᠦᠯᠦᠨ ᠬᠠᠮᠢᠶᠠᠷᠬᠤ ᠶᠢ ᠴᠢᠩᠭᠠᠳᠬᠠᠵᠤ᠂ ᠨᠡᠶᠢᠭᠡᠮ ᠲᠣᠭᠤᠷᠢᠭ | ᠪᠣᠯᠤᠨ ᠠᠳᠠᠯ ᠠᠬᠤᠢ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ | ᠰᠢᠢᠳᠪᠦᠷᠢᠯᠡᠵᠦ᠂ ᠨᠠᠮ ᠤᠯᠠᠨ ᠲᠦᠮᠡᠨ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠲᠠᠰᠤᠷᠠᠯᠳᠠ ᠦᠭᠡᠢ | ᠨᠢᠭᠲᠠᠷᠠᠭᠤᠯᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ︽ | ᠭᠤᠷᠪᠠᠨ ᠪᠡᠯᠡ︾ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ | ᠬᠡᠷᠡᠭᠯᠡᠯᠲᠡ ᠶᠢ ᠬᠢᠨᠠᠨ ᠬᠠᠮᠢᠶᠠᠷᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ | ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠤᠪᠤᠶᠢᠮ᠎ᠠ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ | ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠦᠢᠯᠡᠴᠢᠯᠡᠭᠡᠨ ᠤ ᠬᠢᠯᠠᠰ | ᠴᠡᠭ ᠢ ᠭᠦᠨᠵᠡᠭᠡᠢ ᠠᠭᠤᠳᠠᠯᠵᠤ᠂ ᠦᠢᠯᠡᠳᠦᠯᠭᠡ ᠶᠢᠨ ᠲᠤᠷᠰᠢᠯᠭ᠎ᠠ ᠪᠠᠨ ᠰᠢᠰᠲ᠋ᠧᠮ ᠲᠠᠢ ᠳ᠋ᠦᠩᠨᠡᠵᠦ᠂ ᠦᠨᠳᠦᠰᠦᠨ | ᠱᠠᠲᠤᠨ ᠤ ᠵᠠᠰᠠᠯᠲᠠ ᠶᠢ ᠨᠠᠷᠢᠯᠢᠬᠵᠢᠭᠤᠯᠬᠤ᠂ ᠣᠨᠴᠠᠯᠢᠭᠵᠢᠭᠤᠯᠬᠤ᠂ ᠲᠦᠷᠦᠯ ᠳᠡᠮᠳᠡᠭᠵᠢᠬᠦᠯᠬᠦ ᠲᠡᠰᠢ | ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠤᠯᠠᠨ ᠳᠤ ᠪᠠᠨ ᠭᠦᠨ ᠵᠤᠵᠠᠭᠠᠨ ᠬᠠᠶᠢᠷ᠎ᠠ ᠰᠡᠳᠭᠢᠯᠭᠡ ᠲᠠᠢ | ᠪᠠᠶᠢᠬᠤ ᠶᠢ ᠢᠮᠠᠭᠲᠠ ᠪᠠᠲᠤᠯᠠᠵᠤ᠂ ᠤᠯᠠᠨ ᠲᠦᠮᠡᠨ ᠢ ᠬᠠᠶᠢᠷᠠᠯᠠᠬᠤ᠂ ᠦᠨᠳᠦᠰᠦᠨ ᠱᠠᠲᠤᠨ ᠳᠤ ᠰᠠᠭᠤᠷᠢᠯᠠᠬᠤ | ᠠᠵᠢᠯ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠶᠠᠩ ᠮᠧᠩ ᠪᠠᠰᠠ ᠮᠦ ᠵᠢᠶᠠ ᠶᠢᠩᠽᠢ ᠪᠠᠯᠭᠠᠰᠤᠨ ᠤ ᠳ᠋ᠠ | ᠰᠢ ᠨᠢᠦ ᠲᠣᠰᠬᠤᠨ ᠳᠤ ᠬᠦᠷᠴᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠪᠣᠯᠤᠨ | ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠦᠬᠦ | ᠲᠣᠭᠤᠷᠢᠭ ᠢᠶᠠᠷ ᠢᠶᠠᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠷᠢᠮᠵᠢᠶ᠎ᠠ ᠶᠢ ᠴᠢᠩᠭ᠎ᠠ | ᠬᠠᠷᠭᠤᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ | ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |