ᠶᠠᠩ ᠮᠧᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/5/21
    5 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠮᠧᠩ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠰᠢᠶᠠᠩ ᠶᠠᠩ ᠵᠡᠭᠡᠯᠢ ᠭᠤᠳᠤᠮᠵᠢ ᠶᠢᠨ ᠶᠢᠨ ᠬᠤᠸᠠ ᠨᠡᠶᠢᠭᠡᠮ ᠲᠣᠭᠤᠷᠢᠭ᠂ ᠮᠦ ᠵᠢᠶᠠ ᠶᠢᠩᠽᠢ ᠪᠠᠯᠭᠠᠰᠤᠨ ᠤ ᠭᠦ᠋ ᠳ᠋ᠦ᠋ ᠾᠧ ᠲᠣᠰᠬᠤᠨ ᠳᠤ ᠬᠦᠷᠴᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠤᠭᠰᠠᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠣᠯᠤᠨ ᠤᠢ ᠰᠢᠭᠤᠢ ᠡᠪᠡᠰᠦ ᠪᠡᠯᠴᠢᠭᠡᠷ ᠢ ᠰᠦᠢᠳᠭᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃    ᠶᠠᠩ ᠮᠧᠩ ᠴᠢᠬᠤᠯᠠᠴᠢᠯᠠᠭᠰᠠᠨ ᠨᠢ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠲᠤᠭᠤᠰᠢᠯᠠᠭᠤᠯᠵᠤ᠂ ᠬᠠᠷᠠᠯᠲᠠ ᠱᠠᠭᠠᠷᠳᠠᠯᠭ᠎ᠠ᠂ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠲᠠᠢ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠢ ᠬᠥᠮᠦᠵᠢᠭᠦᠯᠦᠨ ᠬᠠᠮᠢᠶᠠᠷᠬᠤ ᠶᠢ ᠴᠢᠩᠭᠠᠳᠬᠠᠵᠤ᠂ ᠨᠡᠶᠢᠭᠡᠮ ᠲᠣᠭᠤᠷᠢᠭ ᠪᠣᠯᠤᠨ ᠠᠳᠠᠯ ᠠᠬᠤᠢ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠨᠠᠮ ᠤᠯᠠᠨ ᠲᠦᠮᠡᠨ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠲᠠᠰᠤᠷᠠᠯᠳᠠ ᠦᠭᠡᠢ ᠨᠢᠭᠲᠠᠷᠠᠭᠤᠯᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠤᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠦᠢᠯᠡᠴᠢᠯᠡᠭᠡᠨ ᠤ ᠬᠢᠯᠠᠰ ᠴᠡᠭ ᠢ ᠭᠦᠨᠵᠡᠭᠡᠢ ᠠᠭᠤᠳᠠᠯᠵᠤ᠂ ᠦᠢᠯᠡᠳᠦᠯᠭᠡ ᠶᠢᠨ ᠲᠤᠷᠰᠢᠯᠭ᠎ᠠ ᠪᠠᠨ ᠰᠢᠰᠲ᠋ᠧᠮ ᠲᠠᠢ ᠳ᠋ᠦᠩᠨᠡᠵᠦ᠂ ᠦᠨᠳᠦᠰᠦᠨ ᠱᠠᠲᠤᠨ ᠤ ᠵᠠᠰᠠᠯᠲᠠ ᠶᠢ ᠨᠠᠷᠢᠯᠢᠬᠵᠢᠭᠤᠯᠬᠤ᠂ ᠣᠨᠴᠠᠯᠢᠭᠵᠢᠭᠤᠯᠬᠤ᠂ ᠲᠦᠷᠦᠯ ᠳᠡᠮᠳᠡᠭᠵᠢᠬᠦᠯᠬᠦ ᠲᠡᠰᠢ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠤᠯᠠᠨ ᠳᠤ ᠪᠠᠨ ᠭᠦᠨ ᠵᠤᠵᠠᠭᠠᠨ ᠬᠠᠶᠢᠷ᠎ᠠ ᠰᠡᠳᠭᠢᠯᠭᠡ ᠲᠠᠢ ᠪᠠᠶᠢᠬᠤ ᠶᠢ ᠢᠮᠠᠭᠲᠠ ᠪᠠᠲᠤᠯᠠᠵᠤ᠂ ᠤᠯᠠᠨ ᠲᠦᠮᠡᠨ ᠢ ᠬᠠᠶᠢᠷᠠᠯᠠᠬᠤ᠂ ᠦᠨᠳᠦᠰᠦᠨ ᠱᠠᠲᠤᠨ ᠳᠤ ᠰᠠᠭᠤᠷᠢᠯᠠᠬᠤ ᠠᠵᠢᠯ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃    ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠶᠠᠩ ᠮᠧᠩ ᠪᠠᠰᠠ ᠮᠦ ᠵᠢᠶᠠ ᠶᠢᠩᠽᠢ ᠪᠠᠯᠭᠠᠰᠤᠨ ᠤ ᠳ᠋ᠠ ᠰᠢ ᠨᠢᠦ ᠲᠣᠰᠬᠤᠨ ᠳᠤ ᠬᠦᠷᠴᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠪᠣᠯᠤᠨ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠦᠬᠦ ᠲᠣᠭᠤᠷᠢᠭ ᠢᠶᠠᠷ ᠢᠶᠠᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠷᠢᠮᠵᠢᠶ᠎ᠠ ᠶᠢ ᠴᠢᠩᠭ᠎ᠠ ᠬᠠᠷᠭᠤᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号