ᠰᠦᠩᠱᠠᠨ ᠲᠣᠭᠤᠷᠢᠭ 2025 ᠣᠨ ᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/27
    5 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠰᠣᠷᠣᠭᠴᠢ ᠡᠯᠰᠡᠬᠦ ᠵᠥᠪᠯᠡᠯ ᠤᠨ ᠡᠷᠬᠢᠯᠡᠭᠴᠢ ᠯᠢ ᡁᠢ ᠭᠦᠸᠧ 2025 ᠣᠨ ᠤ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠳᠡᠭᠡᠷ᠎ᠡ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ 2025 ᠣᠨ ᠤ ᠰᠦᠩᠱᠠᠨ ᠲᠣᠭᠤᠷᠢᠭ ᠤᠨ ᠳᠤᠮᠳᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠪᠠ ᠰᠢᠯᠭᠠᠯᠲᠠ ᠳᠤ ᠪᠡᠯᠡᠳᠬᠡᠭᠰᠡᠨ ᠪᠠᠶᠢᠳᠠᠯ ᠢ ᠬᠠᠷᠢᠭᠤ ᠮᠡᠳᠡᠭᠦᠯᠦᠭᠰᠡᠨ ᠪᠥᠭᠡᠳ ᠰᠢᠯᠭᠠᠯᠲᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠲᠣᠪᠴᠢᠶ᠎ᠠ᠂ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠳᠤᠮᠳᠠ ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠨᠢᠭᠤᠴᠠ ᠶᠢ ᠬᠠᠮᠠᠭᠠᠯᠠᠬᠤ ᠠᠵᠢᠯ ᠢ ᠨᠠᠶᠢᠳᠠᠪᠤᠷᠢᠵᠢᠭᠤᠯᠬᠤ ᠵᠢᠴᠢ ᠠᠮᠤᠷ ᠢ ᠬᠠᠮᠠᠭᠠᠯᠠᠬᠤ ᠠᠵᠢᠯ ᠤᠨ ᠠᠬᠢᠴᠠ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠪᠣᠯ ᠲᠥᠪ ᠬᠤᠷᠢᠶ᠎ᠠ ᠠᠴᠠ ᠬᠠᠯᠠᠮᠵᠢᠯᠠᠵᠤ᠂ ᠨᠡᠶᠢᠭᠡᠮ ᠨᠡᠶᠢᠲᠡ ᠪᠠᠷ ᠢᠶᠠᠨ ᠠᠩᠬᠠᠷᠴᠤ᠂ ᠠᠷᠠᠳ ᠲᠦᠮᠡᠨ ᠤ ᠠᠩᠬᠠᠷᠴᠤ ᠪᠠᠶᠢᠭ᠎ᠠ ᠶᠡᠭᠡ ᠶᠠᠪᠤᠳᠠᠯ ᠴᠢᠬᠤᠯᠠ ᠶᠠᠪᠤᠳᠠᠯ ᠪᠣᠯᠤᠨ᠎ᠠ᠃ ᠰᠤᠷᠤᠭᠴᠢ ᠡᠯᠰᠡᠬᠦ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠤᠭ ᠤᠨ ᠲᠥᠪ ᠭᠤᠤᠯᠴᠢ ᠣᠪᠣᠷ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠬᠠᠷᠢᠭᠤᠴᠠᠯᠭ᠎ᠠ ᠶᠢ ᠪᠠᠬᠢᠵᠢᠭᠦᠯᠵᠦ᠂ ᠰᠢᠯᠭᠠᠯᠲᠠ ᠶᠢᠨ ᠰᠡᠳᠦᠪ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ᠂ ᠰᠢᠯᠭᠠᠯᠲᠠ ᠶᠢᠨ ᠲᠠᠯᠠᠪᠤᠷ ᠤᠨ ᠰᠠᠬᠢᠯᠭ᠎ᠠ ᠪᠠᠲᠤ ᠶᠢ ᠬᠠᠮᠠᠭᠠᠯᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠵᠡᠷᠭᠡ ᠲᠠᠯ᠎ᠠ ᠪᠠᠷ ᠨᠠᠷᠢᠨ ᠨᠢᠭᠲᠠ ᠠᠷᠭ᠎ᠠ ᠬᠡᠮᠵᠢᠶ᠎ᠡ ᠠᠪᠴᠤ᠂ ᠰᠢᠯᠭᠠᠯᠲᠠ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠬᠠᠮᠤᠭ ᠤᠨ ᠢᠳᠡᠪᠬᠢᠲᠡᠶ ᠠᠵᠢᠯᠯᠠᠭ᠎ᠠ ᠪᠠᠷ ᠰᠢᠯᠭᠠᠯᠲᠠ ᠶᠢᠨ ᠦᠢᠯᠡᠴᠢᠯᠡᠭᠡ ᠶᠢ ᠰᠠᠶᠢᠲᠤᠷ ᠠᠳᠬᠤᠵᠤ᠂ ᠡᠨᠡ ᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号