5 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠳᠡᠳ᠋ ᠳᠠᠷᠤᠭ᠎ᠠ᠂ | ᠲᠣᠭᠤᠷᠢᠭ ᠤᠨ ᠰᠣᠷᠣᠭᠴᠢ ᠡᠯᠰᠡᠬᠦ ᠵᠥᠪᠯᠡᠯ ᠤᠨ ᠡᠷᠬᠢᠯᠡᠭᠴᠢ ᠯᠢ ᡁᠢ ᠭᠦᠸᠧ 2025 ᠣᠨ ᠤ ᠰᠣᠷᠣᠭᠴᠢ ᠡᠯᠰᠡᠬᠦ | ᠰᠢᠯᠭᠠᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ 2025 ᠣᠨ ᠤ ᠰᠦᠩᠱᠠᠨ ᠲᠣᠭᠤᠷᠢᠭ ᠤᠨ ᠳᠤᠮᠳᠠ᠂ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠪᠠ ᠰᠢᠯᠭᠠᠯᠲᠠ ᠳᠤ ᠪᠡᠯᠡᠳᠬᠡᠭᠰᠡᠨ ᠪᠠᠶᠢᠳᠠᠯ ᠢ ᠬᠠᠷᠢᠭᠤ | ᠮᠡᠳᠡᠭᠦᠯᠦᠭᠰᠡᠨ ᠪᠥᠭᠡᠳ ᠰᠢᠯᠭᠠᠯᠲᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠳᠤ ᠪᠥᠬᠦ ᠲᠠᠯ᠎ᠠ ᠶᠢᠨ | ᠪᠠᠶᠢᠷᠢᠯᠠᠭᠤᠯᠤᠯᠲᠠ ᠬᠢᠪᠠ᠃ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ | ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠲᠣᠪᠴᠢᠶ᠎ᠠ᠂ ᠲᠤᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠳᠤᠮᠳᠠ | ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ | ᠬᠢᠨᠠᠨ ᠬᠡᠮᠵᠢᠬᠦ᠂ ᠨᠢᠭᠤᠴᠠ ᠶᠢ ᠬᠠᠮᠠᠭᠠᠯᠠᠬᠤ ᠠᠵᠢᠯ ᠢ ᠨᠠᠶᠢᠳᠠᠪᠤᠷᠢᠵᠢᠭᠤᠯᠬᠤ ᠵᠢᠴᠢ ᠠᠮᠤᠷ ᠢ ᠬᠠᠮᠠᠭᠠᠯᠠᠬᠤ ᠠᠵᠢᠯ ᠤᠨ | ᠠᠬᠢᠴᠠ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠶ ᠰᠢᠯᠭᠠᠯᠲᠠ ᠶᠢᠨ ᠠᠵᠢᠯ ᠪᠣᠯ ᠲᠥᠪ ᠬᠤᠷᠢᠶ᠎ᠠ ᠠᠴᠠ ᠬᠠᠯᠠᠮᠵᠢᠯᠠᠵᠤ᠂ ᠨᠡᠶᠢᠭᠡᠮ ᠨᠡᠶᠢᠲᠡ ᠪᠠᠷ ᠢᠶᠠᠨ | ᠠᠩᠬᠠᠷᠴᠤ᠂ ᠠᠷᠠᠳ ᠲᠦᠮᠡᠨ ᠤ ᠠᠩᠬᠠᠷᠴᠤ ᠪᠠᠶᠢᠭ᠎ᠠ ᠶᠡᠭᠡ ᠶᠠᠪᠤᠳᠠᠯ ᠴᠢᠬᠤᠯᠠ ᠶᠠᠪᠤᠳᠠᠯ ᠪᠣᠯᠤᠨ᠎ᠠ᠃ ᠰᠤᠷᠤᠭᠴᠢ | ᠡᠯᠰᠡᠬᠦ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠤᠭ ᠤᠨ | ᠲᠥᠪ ᠭᠤᠤᠯᠴᠢ ᠣᠪᠣᠷ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | ᠬᠠᠷᠢᠭᠤᠴᠠᠯᠭ᠎ᠠ ᠶᠢ ᠪᠠᠬᠢᠵᠢᠭᠦᠯᠵᠦ᠂ ᠰᠢᠯᠭᠠᠯᠲᠠ ᠶᠢᠨ ᠰᠡᠳᠦᠪ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ᠂ | ᠰᠢᠯᠭᠠᠯᠲᠠ ᠶᠢᠨ ᠲᠠᠯᠠᠪᠤᠷ ᠤᠨ ᠰᠠᠬᠢᠯᠭ᠎ᠠ ᠪᠠᠲᠤ ᠶᠢ ᠬᠠᠮᠠᠭᠠᠯᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠶᠢᠭᠤᠯᠬᠤ ᠵᠡᠷᠭᠡ ᠲᠠᠯ᠎ᠠ ᠪᠠᠷ ᠨᠠᠷᠢᠨ ᠨᠢᠭᠲᠠ ᠠᠷᠭ᠎ᠠ ᠬᠡᠮᠵᠢᠶ᠎ᠡ ᠠᠪᠴᠤ᠂ ᠰᠢᠯᠭᠠᠯᠲᠠ ᠶᠢᠨ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠬᠠᠮᠤᠭ ᠤᠨ ᠢᠳᠡᠪᠬᠢᠲᠡᠶ ᠠᠵᠢᠯᠯᠠᠭ᠎ᠠ ᠪᠠᠷ | ᠰᠢᠯᠭᠠᠯᠲᠠ ᠶᠢᠨ ᠦᠢᠯᠡᠴᠢᠯᠡᠭᠡ ᠶᠢ ᠰᠠᠶᠢᠲᠤᠷ ᠠᠳᠬᠤᠵᠤ᠂ ᠡᠨᠡ ᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ |