5 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠳᠠᠷᠤᠭ᠎ᠠ ᠵᠥᠩ ᠴᠢᠩ ᠰᠥᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠳᠡᠳ᠋ | ᠳᠠᠷᠤᠭ᠎ᠠ ᠵᠤᠤ ᠱᠢ ᠴᠤᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠵᠦᠩ ᠴᠢᠩ ᠰᠦᠩ ᠨᠡᠷ ᠤᠷᠢᠳ ᠬᠤᠵᠢᠳ ᠱᠠᠩ ᠭᠤᠸᠠᠨ ᠳ᠋ᠢ ᠪᠠᠯᠭᠠᠰᠤ᠂ ᠴᠢᠳᠬᠤᠯᠠᠩ ᠪᠠᠯᠭᠠᠰᠤ᠂ ᠰᠢᠶᠠ | ᠵᠢᠶᠠ ᠳ᠋ᠢᠶᠠᠨ ᠰᠢᠶᠠᠩ᠂ ᠲᠠᠢ ᠫᠢᠩ ᠳ᠋ᠢ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ | ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ᠂ ᠶᠠᠰᠤ ᠴᠢᠨᠠᠷ ᠤᠨ ᠡᠵᠡᠮᠳᠡᠯ ᠵᠡᠷᠭᠡ ᠶᠢ ᠨᠠᠷᠢᠨ ᠣᠶᠢᠯᠠᠭᠠᠵᠤ᠂ ᠰᠢᠶᠠᠩ | ᠪᠠᠯᠭᠠᠰᠤ᠂ ᠲᠣᠰᠬᠤᠨ᠂ ᠪᠠᠷᠢᠯᠭ᠎ᠠ ᠶᠢᠨ ᠲᠠᠯ᠎ᠠ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ | ᠭᠦᠨᠵᠡᠭᠡᠢ ᠰᠣᠯᠢᠯᠴᠠᠵᠤ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ | ᠵᠥᠩ ᠴᠢᠩ ᠰᠥᠩ ᠵᠢᠭᠠᠵᠤ ᠭᠠᠷᠭᠠᠭᠰᠠᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠪᠣᠯ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ︾ ᠶᠢ | ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠡᠨᠡ ᠨᠢ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠪᠦᠬᠦ ᠲᠤᠭᠤᠷᠢᠭ ᠳᠠᠶᠠᠭᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠵᠦᠩ ᠴᠢᠩ ᠰᠦᠩ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠡᠯ᠎ᠡ ᠰᠢᠶᠠᠩ ᠪᠠᠯᠭᠠᠰᠤ ᠬᠢᠨᠠᠯᠲᠠ | ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠦᠷᠦᠯ ᠵᠦᠢᠯ ᠤᠨ | ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠪᠠᠲᠤ | ᠰᠠᠬᠢᠬᠤ ᠬᠡᠷᠡᠭᠲᠡᠢ︔ ᠪᠠᠷᠢᠯᠭ᠎ᠠ ᠪᠠᠷᠢᠬᠤ ᠨᠢᠭᠡᠴᠡ ᠪᠠᠷᠢᠮᠵᠢᠶ᠎ᠠ ᠵᠢᠷᠤᠮᠵᠢᠯ ᠢ ᠴᠢᠩᠭ᠎ᠠ ᠵᠢᠷᠤᠮᠯᠠᠨ ᠨᠠᠷᠢᠯᠢᠭ ᠪᠠᠷᠢᠯᠭ᠎ᠠ | ᠪᠠᠷᠢᠵᠤ᠂ ᠠᠰᠠᠭᠤᠳᠠᠯ ᠲᠤᠯᠭᠠᠷᠠᠪᠠᠯ ᠴᠠᠭ ᠲᠤᠬᠠᠢ ᠳᠤᠨᠢ ᠤᠯᠤᠯᠴᠠᠨ ᠬᠠᠷᠢᠭᠤ ᠲᠤᠰᠬᠠᠬᠤ ᠬᠡᠷᠡᠭᠲᠡᠶ︔ ᠬᠢᠨᠠᠨ | ᠬᠠᠮᠢᠶᠠᠷᠬᠤ ᠨᠢᠭᠡᠴᠡ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦ ᠶᠠᠪᠤᠴᠠ ᠪᠠᠷ᠂ | ᠪᠦᠬᠦ ᠲᠠᠯ᠎ᠠ ᠪᠠᠷ ᠴᠢᠩᠭ᠎ᠠ ᠬᠢᠨᠠᠯᠲᠠ ᠲᠠᠯᠪᠢᠵᠤ᠂ ᠲᠦᠷᠦᠯ ᠵᠦᠢᠯ ᠤᠨ ᠲᠣᠭᠲᠠᠭᠠᠯ ᠳᠤ ᠨᠡᠶᠢᠴᠡᠭᠦᠯᠦᠨ ᠴᠢᠨᠠᠷ | ᠰᠠᠶᠢᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ︔ ᠡᠯ᠎ᠡ ᠲᠠᠯ᠎ᠠ ᠶᠢᠨ ᠬᠢᠨ ᠡᠷᠬᠡᠪᠰᠢ ᠨᠢᠭᠲᠠ ᠬᠠᠮᠵᠢᠯᠴᠠᠵᠤ᠂ | ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠤᠨ ᠤᠷᠤᠭᠰᠢᠲᠠᠢ | ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ᠃ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ | ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠰᠢᠯᠭᠠᠨ ᠠᠪᠬᠤ ᠪᠣᠭᠤᠮᠲᠠ ᠶᠢ ᠴᠢᠩᠭ᠎ᠠ ᠠᠳᠬᠤᠵᠤ᠂ ᠨᠢᠭᠡ ᠪᠦᠯᠦᠭ | ᠭᠠᠩ ᠤᠰᠤᠲᠤᠯ ᠴᠤ ᠭᠡᠰᠡᠨ ᠬᠤᠷᠢᠶᠠᠯᠲᠠ ᠶᠢ ᠪᠠᠲᠤᠯᠠᠬᠤ᠂ ᠥᠨᠳᠥᠷ ᠲᠣᠭᠲᠠᠭᠤᠨ ᠤᠨᠠᠯᠲᠠ ᠶᠢ ᠪᠠᠲᠤᠯᠠᠬᠤ ᠴᠢᠨᠠᠷ | ᠰᠠᠶᠢᠲᠠᠢ ᠲᠠᠷᠢᠶᠠᠨ ᠭᠠᠵᠠᠷ ᠢ ᠪᠠᠶᠢᠭᠤᠯᠬᠤ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ | ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠥᠮᠦᠨ ᠤ ᠬᠦᠴᠦᠨ ᠪᠣᠳᠠᠰ ᠤᠨ ᠬᠦᠴᠦᠨ ᠢ | ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ | ᠳᠣᠣᠷ᠎ᠠ᠂ ᠬᠠᠪᠤᠷ ᠤᠨ ᠤᠯᠠᠷᠢᠯ ᠤᠨ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ | ᠠᠳᠬᠤᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠵᠤ᠂ ᠲᠠᠷᠢᠶᠠᠯᠠᠭ᠎ᠠ ᠶᠢᠨ ᠴᠠᠭ ᠢ | ᠰᠠᠭᠠᠲᠠᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ |