ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/10
    6 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠦ᠋ ᠰᠢᠶᠤᠤ ᠯᠢᠨ᠂ ᠳᠡᠳ᠋ ᠡᠷᠬᠢᠯᠡᠭᠴᠢ ᠰᠦᠨ ᠵᠧᠨ ᠬᠠᠢ᠂ ᠱᠢ ᠵᠢᠶᠠᠨ ᠪᠢᠨ᠂ ᠯᠢ ᠭᠦᠸᠧ ᠯᠢᠨ᠂ ᠶᠣᠣ ᠰᠢᠤᠸᠠᠢ ᠮᠧᠢ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠᠩ ᠴᠠᠩ ᠾᠦᠢ᠂ ᠲᠣᠭᠤᠷᠢᠭ ᠤᠨ ᠰᠢᠭᠦᠬᠦ ᠬᠤᠷᠢᠶᠠᠨ ᠤ ᠳᠠᠷᠤᠭ᠎ᠠ ᠴᠧᠨ ᠯᠢ ᠮᠢᠨ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠸᠠᠩ ᠯᠢ ᠭᠦᠸᠧ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ ᠪᠠᠲᠤᠯᠠᠭᠠᠳ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠵᠥᠪᠯᠡᠯ ᠤᠨ ᠬᠠᠮᠢᠶ᠎ᠠ ᠪᠦᠬᠦᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠳᠠᠷᠤᠮᠠᠯᠯᠠᠨ ᠲᠠᠷᠬᠠᠭᠠᠪᠠ︔ ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ ᠬᠢᠨᠠᠨ ᠵᠥᠪᠯᠡᠪᠡ᠃ ᠹᠦ᠋ ᠰᠢᠶᠤᠤ ᠯᠢᠨ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号