6 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ | ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠦ᠋ ᠰᠢᠶᠤᠤ ᠯᠢᠨ᠂ ᠳᠡᠳ᠋ ᠡᠷᠬᠢᠯᠡᠭᠴᠢ ᠰᠦᠨ ᠵᠧᠨ ᠬᠠᠢ᠂ | ᠱᠢ ᠵᠢᠶᠠᠨ ᠪᠢᠨ᠂ ᠯᠢ ᠭᠦᠸᠧ ᠯᠢᠨ᠂ ᠶᠣᠣ ᠰᠢᠤᠸᠠᠢ ᠮᠧᠢ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ | ᠵᠢᠶᠠᠩ ᠴᠠᠩ ᠾᠦᠢ᠂ ᠲᠣᠭᠤᠷᠢᠭ ᠤᠨ ᠰᠢᠭᠦᠬᠦ ᠬᠤᠷᠢᠶᠠᠨ ᠤ ᠳᠠᠷᠤᠭ᠎ᠠ ᠴᠧᠨ ᠯᠢ ᠮᠢᠨ᠂ ᠲᠣᠭᠤᠷᠢᠭ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠸᠠᠩ ᠯᠢ ᠭᠦᠸᠧ᠂ ᠲᠣᠭᠤᠷᠢᠭ ᠤᠨ ᠬᠢᠨᠠᠨ ᠪᠠᠶᠢᠴᠠᠭᠠᠬᠤ | ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ | ᠪᠠᠲᠤᠯᠠᠭᠠᠳ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠵᠥᠪᠯᠡᠯ ᠤᠨ | ᠬᠠᠮᠢᠶ᠎ᠠ ᠪᠦᠬᠦᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠳᠠᠷᠤᠮᠠᠯᠯᠠᠨ ᠲᠠᠷᠬᠠᠭᠠᠪᠠ︔ ᠬᠤᠷᠠᠯ ᠠᠴᠠ | ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ ᠬᠢᠨᠠᠨ ᠵᠥᠪᠯᠡᠪᠡ᠃ | ᠹᠦ᠋ ᠰᠢᠶᠤᠤ ᠯᠢᠨ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ | ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃ |